ᠰᠢᠯᠭᠠᠯᠲᠠ ᠶᠢᠨ ᠬᠤᠪᠢ ᠭᠠᠷᠤᠯ᠎ᠠ ᠡᠷᠡᠮᠡᠯᠵᠡᠯ ᠲᠠᠭᠯᠠᠬᠤ ᠳᠠᠭᠠᠨ ᠠᠩᠬᠠᠷᠤᠭᠠᠷᠠᠢ
ᠨᠡᠶᠢᠲᠡᠯᠡᠭᠰᠡᠨ ᠴᠠᠭ᠄
2024/6/25
    6 ᠰᠠᠷ᠎ᠠ ᠶᠢᠨ 23 ᠤ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠵᠦ᠂ ᠰᠢᠯᠭᠠᠭᠤᠯᠤᠭᠰᠠᠳ ᠦᠪᠡᠷ ᠤᠨ ᠰᠢᠯᠭᠠᠯᠲᠠ ᠶᠢᠨ ᠬᠤᠪᠢ ᠪᠠᠨ ᠯᠠᠪᠯᠠᠵᠤ ᠪᠤᠯᠬᠤ ᠪᠤᠯᠤᠨ᠎ᠠ᠃ ᠰᠢᠯᠭᠠᠯᠲᠠ ᠶᠢᠨ ᠬᠤᠪᠢ ᠪᠠᠨ ᠯᠠᠪᠯᠠᠬᠤ ᠳᠤ 4 ᠵᠦᠢᠯ ᠤᠨ ᠠᠷᠭ᠎ᠠ ᠪᠤᠢ᠂ ᠲᠤᠬᠠᠶᠢᠯᠠᠪᠠᠯ    ᠨᠢᠭᠡᠳᠦᠭᠡᠷ ᠠᠷᠭ᠎ᠠ᠄    ᠰᠢᠯᠭᠠᠭᠤᠯᠤᠭᠰᠠᠳ ︽ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠬᠢ ᠶᠢᠨ ᠰᠦᠯᠵᠢᠶ᠎ᠡ︾ ︵https://www.nm.zsks.cn︶ ᠳᠤ ᠤᠷᠤᠵᠤ᠂ ︽ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ︾ ᠪᠤᠯᠤᠩ ᠳᠤ ᠤᠷᠤᠵᠤ᠂ ︽ᠮᠡᠳᠡᠭᠡ ᠵᠠᠩᠬᠢ ᠠᠰᠠᠭᠤᠨ ᠯᠠᠪᠯᠠᠬᠤ︾ ᠭᠡᠰᠡᠨ ᠢ ᠲᠤᠪᠰᠢᠵᠤ᠂ ︽2024 ᠤᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠶᠢᠨ ᠬᠤᠪᠢ ᠪᠠᠨ ᠯᠠᠪᠯᠠᠬᠤ︾ ᠨᠢᠭᠤᠷ ᠢ ᠨᠡᠭᠡᠭᠡᠨ᠂ ᠰᠢᠯᠭᠠᠭᠤᠯᠤᠭᠴᠢ ᠶᠢᠨ ᠰᠢᠯᠭᠠᠭᠤᠯᠬᠤ ᠨᠤᠮᠧᠷ ᠪᠠ ᠨᠢᠭᠤᠴᠠ ᠨᠤᠮᠧᠷ ᠢᠶᠠᠨ ᠲᠠᠭᠯᠠᠪᠠᠯ ᠳᠠᠷᠤᠢ ᠰᠢᠯᠭᠠᠯᠲᠠ ᠶᠢᠨ ᠬᠤᠪᠢ ᠪᠠᠨ ᠯᠠᠪᠯᠠᠵᠤ ᠪᠤᠯᠤᠨ᠎ᠠ᠃     ᠬᠤᠶᠠᠳᠤᠭᠠᠷ ᠠᠷᠭ᠎ᠠ᠄     ︽ᠮᠦᠩᠬᠡ ᠰᠤᠪᠠᠭ︾ APP ᠲᠤ ᠤᠷᠤᠵᠤ᠂ ᠡᠬᠢᠨ ᠤ ᠨᠢᠭᠤᠷ ᠤᠨ ︽ᠨᠢᠭᠡᠲᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠᠨ ᠭᠠᠷ ᠤᠲᠠᠰᠤ ᠪᠠᠷ ᠯᠠᠪᠯᠠᠬᠤ︾ ᠭᠡᠰᠡᠨ ᠢ ᠤᠯᠵᠤ ᠲᠤᠪᠰᠢᠨ ᠤᠷᠤᠪᠠᠯ ᠰᠢᠯᠭᠠᠯᠲᠠ ᠶᠢᠨ ᠬᠢᠷᠢ ᠪᠦᠲᠦᠮᠵᠢ ᠪᠠᠨ ᠯᠠᠪᠯᠠᠵᠤ ᠪᠤᠯᠤᠨ᠎ᠠ᠃     ᠭᠤᠷᠪᠠᠳᠤᠭᠠᠷ ᠠᠷᠭ᠎ᠠ᠄     ︽ᠮᠦᠩᠬᠡ ᠰᠤᠪᠠᠭ︾ ᠵᠢᠷᠭᠢᠶ᠎ᠡ ᠶᠢᠨ ᠵᠢᠵᠢᠭ ᠫᠷᠤᠭ᠍ᠷᠠᠮ ᠢ ᠨᠡᠭᠡᠭᠡᠬᠦ ᠪᠤᠶᠤ ︽ᠮᠦᠩᠬᠡ ᠰᠤᠪᠠᠭ︾ ᡁᠢ  ᠹᠦ᠋ ᠪᠤᠤ ᠶᠢᠨ ᠵᠢᠵᠢᠭ ᠫᠷᠤᠭ᠍ᠷᠠᠮ ᠢ ᠨᠡᠭᠡᠭᠡᠵᠦ᠂ ᠡᠬᠢᠨ ᠤ ᠨᠢᠭᠤᠷ ᠤᠨ ︽ᠨᠢᠭᠡᠲᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠᠨ ᠭᠠᠷ ᠤᠲᠠᠰᠤ ᠪᠠᠷ ᠯᠠᠪᠯᠠᠬᠤ︾ ᠭᠡᠰᠡᠨ ᠢ ᠲᠤᠪᠰᠢᠵᠤ ᠤᠷᠤᠨ ᠰᠢᠯᠭᠠᠯᠲᠠ ᠶᠢᠨ ᠬᠤᠪᠢ ᠪᠠᠨ ᠯᠠᠪᠯᠠᠵᠤ ᠪᠤᠯᠤᠨ᠎ᠠ᠃     ᠳᠦᠷᠪᠡᠳᠦᠭᠡᠷ ᠠᠷᠭ᠎ᠠ᠄     ︽ᠦᠪᠦᠷ ᠮᠤᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠶᠢ ᠨᠡᠭᠡᠭᠡᠵᠦ᠂ ᠡᠬᠢᠨ ᠤ ᠨᠢᠭᠤᠷ ᠤᠨ ︽ᠨᠢᠭᠡᠲᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠᠨ ᠯᠠᠪᠯᠠᠬᠤ︾ ᠭᠡᠰᠡᠨ ᠢ ᠲᠤᠪᠰᠢᠵᠤ ᠤᠷᠤᠨ ᠰᠢᠯᠭᠠᠯᠲᠠ ᠶᠢᠨ ᠬᠢᠷᠢ ᠪᠦᠲᠦᠮᠵᠢ ᠪᠠᠨ ᠯᠠᠪᠯᠠᠵᠤ ᠪᠤᠯᠤᠨ᠎ᠠ᠃ᠤᠶᠢᠷ᠎ᠠ ᠳᠤ ᠰᠢᠯᠭᠠᠭᠤᠯᠤᠭᠰᠠᠳ ᠤᠨ ᠡᠷᠡᠮᠡᠯᠵᠡᠯ ᠲᠠᠭᠯᠠᠬᠤ ᠶᠢ ᠵᠢᠯᠤᠭᠤᠳᠬᠤ ᠦᠢᠯᠡᠴᠢᠯᠡᠭᠡᠨ ᠤ ᠪᠠᠶᠢᠭᠤᠯᠤᠮᠵᠢ ᠤᠯᠠᠰᠢᠷᠠᠵᠤ᠂ ᠬᠡᠲᠦᠨ ᠮᠢᠩᠭ᠎ᠠ ᠠᠴᠠ ᠲᠦᠮᠡ ᠭᠠᠷᠤᠢ ᠲᠦᠭᠦᠷᠢᠭ ᠤᠨ ᠦᠨ᠎ᠡ ᠪᠠᠷ ᠦᠢᠯᠡᠴᠢᠯᠡᠭᠡ ᠬᠠᠩᠭᠠᠬᠤ ᠪᠤᠯᠵᠠᠢ᠃ ᠲᠡᠭᠡᠪᠡᠯ᠂ ᠡᠶᠢᠮᠦᠷᠬᠦ ᠦᠢᠯᠡᠴᠢᠯᠡᠭᠡ ᠨᠢ ᠨᠠᠶᠢᠳᠠᠪᠤᠷᠢᠲᠠᠢ ᠤᠤ︖     ᠪᠦᠬᠦ ᠤᠯᠤᠰ ᠤᠨ 3000 ᠭᠠᠷᠤᠢ ᠶᠡᠭᠡ ᠳᠡᠭᠡᠳᠦ ᠰᠤᠷᠭᠠᠭᠤᠯᠢ᠂ 800 ᠭᠠᠷᠤᠢ ᠵᠢᠩᠬᠢᠨᠢ ᠠᠩᠭᠢ ᠶᠢᠨ ᠲᠤᠰᠬᠠᠢ ᠮᠡᠷᠭᠡᠵᠢᠯ᠂ ᠶᠠᠩᠵᠤ ᠪᠦᠷᠢ ᠶᠢᠨ ᠡᠯᠰᠡᠬᠦ ᠳᠦᠷᠢᠮ ᠭᠤᠷᠢᠮ ᠤᠨ ᠬᠤᠪᠢᠷᠠᠯᠲᠠ ᠳᠤ ᠬᠠᠨᠳᠤᠭᠰᠠᠨ ᠭᠡᠷ ᠤᠨ ᠠᠬᠠᠮᠠᠳ ᠬᠡᠤᠬᠡᠳ ᠲᠡᠭᠡᠨ ᠲᠤᠰᠬᠠᠢ ᠮᠡᠷᠭᠡᠵᠢᠯ ᠰᠤᠩᠭᠤᠬᠤ ᠲᠠᠯ᠎ᠠ ᠪᠠᠷ ᠶᠠᠭᠠᠬᠢᠵᠤ ᠵᠦᠪᠯᠡᠯᠭᠡ ᠦᠭᠬᠦ ᠪᠠᠨ ᠤᠯᠬᠤ ᠦᠭᠡᠢ ᠰᠠᠮᠠᠭᠠᠷᠳᠠᠬᠤ ᠨᠢ ᠮᠡᠳᠡᠭᠡᠵᠢ᠃ ᠡᠶᠢᠮᠦᠷᠬᠦ ᠪᠠᠶᠢᠳᠠᠯ ᠳᠤ ᠤᠯᠠᠩᠬᠢ ᠭᠡᠷ ᠤᠨ ᠠᠬᠠᠮᠠᠳ ᠨᠢ ᠡᠯ᠎ᠡ ᠶᠡᠭᠡ ᠳᠡᠭᠡᠳᠦ ᠰᠤᠷᠭᠠᠭᠤᠯᠢ ᠪᠠ ᠲᠤᠰᠬᠠᠢ ᠮᠡᠷᠭᠡᠵᠢᠯ ᠤᠨ ᠲᠤᠬᠠᠢ ᠤᠶᠢᠯᠠᠭᠠᠯᠲᠠ ᠪᠠᠨ ᠨᠡᠮᠡᠭᠳᠡᠭᠦᠯᠬᠦ ᠪᠠᠷ ᠴᠢᠷᠮᠠᠶᠢᠵᠤ᠂ ᠪᠠᠰᠠ ᠵᠠᠷᠢᠮ ᠨᠢ ︽ᠤᠯᠤᠰ ᠤᠨ ᠨᠢᠭᠡᠲᠦᠯᠲᠡᠢ ᠰᠢᠯᠭᠠᠯᠲᠠ ᠶᠢᠨ ᠡᠷᠡᠮᠡᠯᠵᠡᠯ ᠲᠠᠭᠯᠠᠬᠤ︾ ᠭᠠᠷ ᠤᠲᠠᠰᠤᠨ ᠤ APP ᠪᠤᠶᠤ ︽ᠤᠯᠤᠰ ᠤᠨ ᠨᠢᠭᠡᠲᠦᠯᠲᠡᠢ ᠰᠢᠯᠭᠠᠯᠲᠠ ᠶᠢᠨ ᠡᠷᠡᠮᠡᠯᠵᠡᠯ ᠲᠠᠭᠯᠠᠬᠤ ᠶᠢ ᠠᠰᠠᠭᠤᠨ ᠯᠠᠪᠯᠠᠬᠤ ᠦᠢᠯᠡᠴᠢᠯᠡᠭᠡ︾ ᠳᠤ ᠬᠠᠨᠳᠤᠳᠠᠭ ᠪᠤᠯᠵᠠᠢ᠃      APP ᠪᠠᠷ ᠡᠷᠡᠮᠡᠯᠵᠡᠯ ᠲᠠᠭᠯᠠᠬᠤ ᠰᠤᠷᠭᠠᠭᠤᠯᠢ ᠪᠠᠨ ᠰᠤᠩᠭᠤᠬᠤ ᠳᠤ ᠬᠡᠳᠦᠨ ᠵᠠᠭᠤᠨ ᠲᠦᠭᠦᠷᠢᠭ ᠤᠨ ᠰᠦᠢᠳᠬᠡᠯ ᠲᠤᠰᠢᠶᠠᠵᠤ᠂ ᠨᠠᠷᠢᠯᠢᠭ ᠪᠠᠶᠢᠳᠠᠯ ᠢ ᠤᠶᠢᠯᠠᠭᠠᠬᠤ ᠴᠢᠬᠤᠯᠠᠲᠠᠢ ᠪᠤᠯ ᠡᠷᠡᠮᠡᠯᠵᠡᠯ ᠲᠠᠭᠯᠠᠬᠤ ᠶᠢ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠪᠠᠶᠢᠭᠤᠯᠤᠮᠵᠢ ᠳᠤ ᠬᠠᠨᠳᠤᠪᠠᠯ ᠬᠡᠲᠦᠨ ᠮᠢᠩᠭ᠎ᠠ ᠠᠴᠠ ᠲᠦᠮᠡ ᠭᠠᠷᠤᠢ ᠲᠦᠭᠦᠷᠢᠭ ᠤᠨ ᠠᠳᠠᠯᠢ ᠪᠤᠰᠤ ᠳᠡᠰ ᠤᠨ ᠦᠢᠯᠡᠴᠢᠯᠡᠭᠡ ᠶᠢ ᠰᠤᠩᠭᠤᠵᠤ ᠪᠤᠯᠳᠠᠭ ᠪᠠᠶᠢᠨ᠎ᠠ᠃ ᠰᠤᠷᠪᠤᠯᠵᠢᠯᠠᠭᠴᠢ ᠵᠡᠭᠦᠨ ᠬᠡᠰᠡᠭ ᠤᠨ ᠨᠢᠭᠡᠨ ᠮᠤᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠨᠢᠭᠤᠴᠠ ᠪᠠᠷ ᠰᠤᠷᠪᠤᠯᠵᠢᠯᠠᠨ ᠤᠶᠢᠯᠠᠭᠠᠭᠰᠠᠨ ᠢᠶᠠᠷ ︽ᠲᠤᠰᠠᠭᠠᠷ ᠢᠶᠠᠨ ᠡᠷᠡᠮᠡᠯᠵᠡᠯ ᠲᠠᠭᠯᠠᠬᠤ ᠳᠤ 6980 ᠲᠦᠭᠦᠷᠢᠭ᠂ 9800 ᠲᠦᠭᠦᠷᠢᠭ᠂ 12800 ᠲᠦᠭᠦᠷᠢᠭ ᠤᠨ ᠬᠡᠳᠦᠨ ᠳᠡᠰ ᠤᠨ ᠦᠢᠯᠡᠴᠢᠯᠡᠭᠡ ᠪᠠᠶᠢᠨ᠎ᠠ︾᠃ ᠴᠦᠩᠴᠢᠩ ᠤᠨ ᠨᠢᠭᠡᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠰᠠᠭᠤᠨ ᠯᠠᠪᠯᠠᠬᠤ ᠦᠨ᠎ᠡ ᠬᠠᠩᠰᠢ ᠶᠢᠨ ᠲᠤᠬᠠᠢ ᠳᠤ 4800 ᠲᠦᠭᠦᠷᠢᠭ᠂ 6800 ᠲᠦᠭᠦᠷᠢᠭ ᠤᠨ ᠬᠤᠶᠠᠷ ᠳᠡᠰ ᠤᠨ ᠦᠢᠯᠡᠴᠢᠯᠡᠭᠡ ᠪᠠᠶᠢᠬᠤ ᠠᠵᠢ᠃      ᠲᠡᠭᠡᠪᠡᠯ ᠡᠳᠡᠭᠡᠷ ᠦᠢᠯᠡᠴᠢᠯᠡᠭᠡ ᠨᠢ ᠨᠠᠶᠢᠳᠠᠪᠤᠷᠢᠲᠠᠢ ᠤᠤ ᠭᠡᠰᠡᠨ ᠠᠰᠠᠭᠤᠯᠲᠠ ᠳᠤ ᠵᠠᠷᠢᠮ ᠭᠡᠷ ᠤᠨ ᠠᠬᠠᠮᠠᠳ ︽ᠤᠯᠠᠩᠬᠢ ᠦᠢᠯᠡᠴᠢᠯᠡᠭᠡ ᠬᠠᠩᠭᠠᠭᠴᠢ ᠨᠢ ᠪᠢᠳᠡᠨ ᠤ ᠱᠠᠭᠠᠷᠳᠠᠯᠭ᠎ᠠ ᠶᠢ ᠦᠨᠳᠦᠰᠦᠯᠡᠨ ᠲᠤᠬᠢᠷᠠᠮᠵᠢᠲᠠᠢ ᠭᠡᠰᠡᠨ ᠰᠤᠷᠭᠠᠭᠤᠯᠢ ᠰᠢᠯᠢᠨ ᠰᠤᠩᠭᠤᠵᠤ ᠦᠭᠳᠡᠭ᠃ ᠦᠨ᠎ᠡ ᠬᠠᠩᠰᠢ ᠨᠢ ᠦᠨᠳᠦᠷ ᠨᠢ ᠲᠤᠰᠬᠠᠢ ᠮᠡᠷᠭᠡᠵᠢᠯ ᠤᠨ ᠵᠦᠪᠯᠡᠯᠭᠡ ᠬᠠᠩᠭᠠᠬᠤ ᠨᠢ ᠨᠡᠩ ᠰᠠᠶᠢᠨ ᠪᠠᠶᠢᠬ᠎ᠠ ᠭᠡᠵᠦ ᠪᠤᠳᠤᠭᠰᠠᠨ ᠴᠢᠨᠢ ᠲᠡᠳᠡᠨ ᠤ ᠰᠤᠩᠭᠤᠵᠤ ᠦᠭᠭᠦᠭᠰᠡᠨ ᠨᠢ ᠮᠢᠨᠦ ᠦᠪᠡᠷ ᠢᠶᠠᠨ ᠰᠤᠩᠭᠤᠭᠰᠠᠨ ᠲᠠᠢ ᠳᠡᠮᠡᠢ ᠵᠦᠷᠢᠶ᠎ᠡ ᠦᠭᠡᠢ᠂ ᠵᠠᠷᠢᠮ ᠨᠢ ᠮᠢᠨᠦ ᠬᠢᠷᠢ ᠲᠠᠢ ᠴᠤ ᠤᠶᠢᠯᠠᠭᠠᠬᠤ ᠦᠭᠡᠢ︾ ᠭᠡᠵᠦ ᠬᠡᠯᠡᠵᠦ ᠪᠠᠶᠢᠯ᠎ᠠ᠃ ᠲᠡᠶᠢᠮᠦ ᠠᠴᠠ ᠭᠡᠷ ᠤᠨ ᠠᠬᠠᠮᠠᠳ ᠪᠤᠯᠤᠭᠰᠠᠳ ᠵᠤᠭᠤᠰ ᠮᠦᠩᠭᠦ ᠪᠠᠨ ᠲᠦᠯᠦᠵᠦ ᠪᠠᠶᠢᠵᠤ᠂ ᠬᠡᠤᠬᠡᠳ ᠲᠡᠭᠡᠨ ᠲᠤᠰᠬᠠᠢ ᠮᠡᠷᠭᠡᠵᠢᠯ ᠪᠠ ᠰᠤᠷᠭᠠᠭᠤᠯᠢ ᠰᠤᠩᠭᠤᠵᠤ ᠦᠭᠬᠦ ᠴᠢᠬᠤᠯᠠ ᠲᠠᠢ ᠡᠰᠡᠬᠦ ᠶᠢᠨ ᠲᠤᠬᠠᠢ ᠰᠤᠷᠭᠠᠨ ᠬᠦᠮᠦᠵᠢᠯ ᠤᠨ ᠶᠠᠮᠤᠨ ᠠᠴᠠ ᠤᠯᠠᠨ ᠵᠢᠯ ᠳᠠᠷᠠᠭᠠᠯᠠᠨ ᠰᠡᠷᠡᠮᠵᠢᠯᠡᠭᠦᠯᠦᠯ ᠨᠡᠶᠢᠲᠡᠯᠡᠵᠦ᠂ ︽ᠦᠨᠳᠦᠷ ᠦᠨ᠎ᠡ ᠪᠠᠷ ᠡᠷᠡᠮᠡᠯᠵᠡᠯ ᠲᠠᠭᠯᠠᠬᠤ ᠶᠢ ᠵᠢᠯᠤᠭᠤᠳᠬᠤ︾ ᠮᠡᠬᠡᠯᠡᠯ ᠠᠴᠠ ᠵᠠᠶᠢᠯᠠᠰᠬᠢᠬᠦ ᠶᠢ ᠰᠠᠨᠠᠭᠤᠯᠤᠭᠰᠠᠭᠠᠷ ᠪᠠᠶᠢᠵᠠᠢ᠃ ᠲᠡᠳᠡᠭᠡᠷ ᠵᠢᠯᠤᠭᠤᠳᠤᠭᠴᠢ ᠶᠢᠨ ᠰᠠᠨᠠᠯ ᠢ ᠰᠤᠨᠤᠰᠬᠤ ᠨᠢ ᠦᠪᠡᠷ ᠤᠨ ᠪᠤᠳᠠᠳᠠᠢ ᠪᠠᠶᠢᠳᠠᠯ ᠠᠴᠠ ᠪᠠᠨ ᠡᠭᠦᠰᠴᠦ᠂ ᠬᠤᠪᠢ ᠬᠦᠮᠦᠨ ᠤ ᠳᠤᠷ᠎ᠠ ᠰᠤᠨᠢᠷᠬᠠᠯ᠂ ᠰᠤᠷᠤᠯᠴᠠᠯᠭ᠎ᠠ ᠶᠢᠨ ᠴᠢᠳᠠᠪᠤᠷᠢ ᠪᠠᠨ ᠬᠦᠭᠵᠢᠯᠲᠡ ᠶᠢᠨ ᠳᠠᠯᠳᠠ ᠬᠦᠴᠦᠨ ᠵᠡᠷᠭᠡ ᠪᠠ ᠶᠡᠷᠦᠩᠬᠡᠶᠢᠯᠡᠨ ᠪᠤᠳᠤᠯᠬᠢᠯᠠᠭᠰᠠᠨ ᠰᠠᠭᠤᠷᠢᠨ ᠳᠡᠭᠡᠷ᠎ᠡ ᠤᠯᠠᠨ ᠨᠡᠶᠢᠲᠡ ᠶᠢᠨ ᠮᠡᠳᠡᠭᠡ ᠵᠠᠩᠬᠢ ᠶᠢᠨ ᠡᠬᠢ ᠰᠤᠷᠪᠤᠯᠵᠢ ᠶᠢ ᠦᠨᠳᠦᠰᠦᠯᠡᠨ᠂ ᠦᠪᠡᠷ ᠲᠡᠭᠡᠨ ᠲᠤᠬᠢᠷᠠᠭᠰᠠᠨ ᠡᠷᠡᠮᠡᠯᠵᠡᠯ ᠢᠶᠠᠨ ᠲᠠᠭᠯᠠᠬᠤ ᠶᠢ ᠬᠦᠷᠬᠦ ᠦᠭᠡᠢ ᠭᠡᠵᠦ ᠰᠠᠨᠠᠭᠤᠯᠵᠤ ᠪᠠᠶᠢᠨ᠎ᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号