ᠮᠠᠨ ᠤ ᠤᠷᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/6/25
    ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ 13 ᠰᠠᠯᠠᠭ᠎ᠠ ᠮᠥᠴᠢᠷ ᠬᠠᠮᠲᠤᠷᠠᠨ ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠵᠤ᠂ ︽ᠬᠤᠶᠠᠷ ᠢ ᠬᠦᠡᠭᠭᠡᠷᠡᠭᠦᠯᠬᠦ︾ ᠳᠤᠮᠳᠠ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠶᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠴᠢᠨᠠᠷ ᠰᠠᠶᠢᠲᠠᠢ ᠬᠥᠭᠵᠢᠯᠲᠡ ᠶᠢ ᠨᠢᠭᠡ ᠴᠣᠭᠴᠠᠵᠢᠭᠤᠯᠤᠨ ᠬᠦᠭᠵᠢᠭᠦᠯᠦᠨ᠎ᠡ ᠬᠡᠪᠡ᠃     ᠲᠥᠰᠥᠯ ᠳᠤ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠰᠢᠨᠵᠢᠯᠡᠬᠦ ᠤᠬᠠᠭᠠᠨ ᠤ ᠬᠢᠴᠢᠶᠡᠯ ᠤᠨ ᠰᠢᠰᠲ᠋ᠧᠮ ᠢ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠵᠢᠴᠢ ᠹᠢᠽᠢᠺ᠂ ᠬᠢᠮᠢ᠂ ᠠᠮᠢᠳᠤ ᠪᠣᠳᠠᠰ᠂ ᠭᠠᠵᠠᠷ ᠵᠦᠢ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠤ ᠮᠡᠷᠭᠡᠵᠢᠯ᠂ ᠨᠡᠶᠢᠳᠡᠮ ᠬᠡᠷᠡᠭᠯᠡᠬᠦ ᠮᠡᠷᠭᠡᠵᠢᠯ ᠵᠡᠷᠭᠡ ᠬᠠᠮᠢᠶ᠎ᠠ ᠪᠦᠬᠦᠢ ᠰᠢᠨᠵᠢᠯᠡᠭᠡᠨ ᠤ ᠬᠢᠴᠢᠶᠡᠯ ᠢ ᠪᠦᠷᠢᠨ ᠭᠦᠢᠴᠡᠳ ᠰᠠᠶᠢᠲᠤᠷ ᠨᠡᠬᠡᠬᠡᠨ᠎ᠡ︔ ᠰᠢᠨᠵᠢᠯᠡᠬᠦ ᠤᠬᠠᠭᠠᠨᠴᠢ ᠪᠠᠷ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠡᠩᠬᠡᠷᠡᠭᠦᠯᠬᠦ ᠮᠠᠶ᠋ᠢᠭ ᠤᠨ᠂ ᠰᠦᠪᠡᠭᠴᠢᠯᠡᠬᠦ ᠮᠠᠶ᠋ᠢᠭ ᠤᠨ ᠵᠢᠭᠠᠨ ᠰᠤᠷᠭᠠᠯᠲᠠ ᠶᠢ ᠬᠡᠷᠡᠭᠵᠢᠭᠦᠯᠦᠨ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠰᠤᠳᠤᠯᠭᠠᠨ ᠢ ᠴᠢᠩᠭᠠᠳᠬᠠᠨ᠎ᠠ︔ ᠬᠢᠴᠢᠶᠡᠯ ᠤᠨ ᠭᠡᠷ᠂ ᠴᠢᠳᠠᠪᠬᠢᠲᠤ ᠬᠢᠴᠢᠶᠡᠯ ᠤᠨ ᠭᠡᠷ᠂ ᠰᠢᠨᠵᠢᠯᠡᠬᠦ ᠤᠬᠠᠭᠠᠨ ᠤ ᠠᠵᠢᠯᠯᠠᠭᠠᠨ ᠤ ᠲᠠᠰᠤᠭ᠂ ᠶᠡᠷᠦᠩᠬᠡᠶᠢᠯᠡᠭᠰᠡᠨ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠤ ᠲᠥᠷᠥᠯ ᠤᠨ ᠵᠢᠭᠠᠨ ᠰᠤᠷᠭᠠᠯᠲᠠ ᠶᠢᠨ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠲᠤᠷᠰᠢᠯᠲᠠ ᠶᠢᠨ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠴᠢᠩᠭᠠᠷᠠᠭᠤᠯᠤᠨ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠰᠦᠪᠡᠭᠴᠢᠯᠡᠨ ᠠᠰᠢᠭᠯᠠᠵᠤ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢ ᠰᠠᠶᠢᠵᠢᠷᠠᠭᠤᠯᠬᠤ ᠪᠠ ᠴᠢᠩᠭᠠᠷᠠᠭᠤᠯᠤᠨ᠎ᠠ︔ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠠᠮᠤᠭ ᠤᠨ ᠦᠨᠳᠦᠰᠦᠨ᠂ ᠵᠠᠪᠠᠯ ᠪᠡᠯᠡᠳᠬᠡᠬᠦ ᠬᠢᠴᠢᠶᠡᠯ ᠲᠥᠷᠥᠯ ᠪᠣᠯᠭᠠᠵᠤ᠂ ᠨᠡᠶᠢᠭᠡᠮ ᠤᠨ ᠴᠢᠨᠠᠷ ᠰᠠᠶᠢᠲᠠᠢ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠠᠰᠢᠭᠯᠠᠨ᠎ᠠ︔ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠤᠨ ᠪᠠᠭᠰᠢ ᠶᠢᠨ ᠲᠤᠰᠬᠠᠢ ᠮᠡᠷᠭᠡᠵᠢᠯ ᠢ ᠪᠠᠶᠢᠭᠤᠯᠤᠨ ᠬᠦᠴᠦᠷᠬᠡᠭᠵᠢᠭᠦᠯᠵᠦ᠂ ᠡᠯ᠎ᠡ ᠱᠠᠲᠤᠨ ᠤ ᠪᠠᠭᠰᠢ ᠨᠠᠷ ᠤᠨ ᠪᠣᠯᠪᠠᠰᠤᠷᠠᠯ ᠳᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠥᠷᠥᠯ ᠤᠨ ᠪᠠᠭᠰᠢ ᠶᠢ ᠲᠤᠰᠬᠠᠶᠢᠯᠠᠨ ᠲᠣᠬᠢᠷᠠᠭᠤᠯᠵᠤ᠂ ᠡᠯ᠎ᠡ ᠱᠠᠲᠤᠨ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠲᠤ ᠰᠢᠨᠵᠢᠯᠡᠬᠦ ᠤᠬᠠᠭᠠᠨ ᠤ ᠵᠢᠭᠠᠨ ᠰᠤᠳᠤᠯᠤᠭᠴᠢ ᠲᠣᠬᠢᠷᠠᠭᠤᠯᠬᠤ ᠶᠢ ᠴᠢᠩᠭᠠᠳᠬᠠᠨ᠂ ᠪᠠᠭ᠎ᠠ ᠰᠤᠷᠭᠠᠭᠤᠯᠢ ᠨᠢᠭᠡ ᠪᠦᠷᠢ ᠳᠤ ᠠᠳᠠᠭ ᠲᠠᠭᠠᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠮᠠᠰᠲ᠋ᠧᠷ ᠴᠣᠯᠠ ᠲᠠᠢ ᠰᠢᠨᠵᠢᠯᠡᠬᠦ ᠤᠬᠠᠭᠠᠨ ᠤ ᠪᠠᠭᠰᠢ ᠨᠢᠬᠡ ᠪᠠᠶᠢᠬᠤ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠠ᠃      ᠨᠡᠶᠢᠭᠡᠮ ᠤᠨ ᠡᠬᠢ ᠪᠠᠶᠠᠯᠢᠭ ᠤᠨ ᠦᠢᠯᠡᠳᠦᠯᠭᠡ ᠪᠠᠷ ᠬᠥᠮᠥᠨ ᠬᠥᠮᠥᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠴᠢᠨᠠᠷ ᠰᠠᠶᠢᠲᠠᠢ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠵᠠᠯᠠᠭᠤᠴᠤᠳ ᠪᠠᠭᠠᠴᠤᠳ ᠤᠨ ᠣᠷᠳᠣᠨ᠂ ᠬᠡᠦᠬᠡᠳ ᠤᠨ ᠠᠵᠢᠯᠯᠠᠭᠠᠨ ᠤ ᠲᠥᠪ᠂ ᠮᠦᠽᠧᠢ᠂ ᠰᠣᠶᠣᠯ ᠤᠨ ᠣᠷᠳᠣᠨ᠂ ᠨᠣᠮ ᠤᠨ ᠰᠠᠩ᠂ ᠲᠥᠯᠦᠪᠵᠢᠭᠦᠯᠭᠡ ᠶᠢᠨ ᠦᠵᠡᠰᠬᠦᠯᠡᠩ ᠤᠨ ᠣᠷᠳᠣᠨ ᠪᠣᠯᠣᠨ ᠠᠵᠤ ᠦᠢᠯᠡᠳᠪᠦᠷᠢ ᠲᠠᠷᠢᠶᠠᠯᠠᠩ ᠤᠨ ᠠᠵᠤ ᠠᠬᠤᠶᠢᠯᠠᠯ ᠵᠡᠷᠭᠡ ᠨᠢᠭᠡᠴᠢ ᠶᠢ ᠳᠠᠶᠢᠴᠢᠯᠠᠵᠤ ᠬᠠᠷᠢᠶ᠎ᠠ ᠲᠠᠯᠠᠪᠠᠶ ᠣᠷᠳᠣᠨ᠂ ᠰᠠᠭᠤᠷᠢᠨ᠂ ᠬᠤᠸᠠᠷᠠᠨ᠂ ᠬᠦᠷᠢᠶᠡᠯᠡᠩ ᠲᠣᠭᠤᠷᠢᠭ᠂ ᠦᠢᠯᠡᠳᠪᠦᠷᠢᠯᠡᠯ ᠤᠨ ᠱᠤᠭᠤᠮ ᠵᠡᠷᠭᠡ ᠵᠢᠭᠰᠠᠭᠠᠯ ᠤᠨ ᠭᠠᠵᠠᠷ᠂ ᠲᠠᠪᠴᠠᠩ᠂ ᠠᠴᠢᠶᠠᠯᠠᠪᠤᠷᠢ ᠪᠣᠯᠣᠨ ᠡᠬᠢ ᠪᠠᠶᠠᠯᠢᠭ ᠢ ᠰᠤᠷᠤᠭᠴᠢᠳ   ᠲᠤ ᠴᠢᠯᠦᠭᠡᠲᠡᠢ ᠨᠡᠭᠡᠭᠡᠵᠦ᠂ ᠡᠯ᠎ᠡ ᠭᠠᠵᠠᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠪᠡᠶᠡᠴᠢᠯᠡᠨ ᠣᠶᠢᠯᠠᠭᠠᠬᠤ ᠵᠡᠷᠭᠡ ᠣᠯᠠᠨ ᠴᠢᠳᠠᠪᠬᠢᠳᠤ ᠰᠤᠷᠭᠠᠨ ᠬᠥᠮᠦᠵᠢᠯ ᠤᠨ ᠰᠠᠭᠤᠷᠢᠨ ᠪᠠᠶᠢᠭᠤᠯᠬᠤ ᠶᠢ ᠠᠬᠢᠭᠤᠯᠤᠨ᠎ᠠ︔ ᠳᠤᠮᠳᠠᠳᠤ ᠪᠠᠭ᠎ᠠ ᠰᠤᠷᠭᠠᠭᠤᠯᠢ ᠶᠢᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠬᠠᠷᠢᠯᠴᠠᠬᠤ ᠶᠢ ᠳᠡᠮᠵᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠤ ᠡᠬᠢ ᠪᠠᠶᠠᠯᠢᠭ ᠢ ᠵᠣᠬᠢᠰᠲᠠᠢ ᠨᠡᠬᠡᠬᠡᠨ᠎ᠡ︔ ᠠᠵᠤ ᠠᠬᠤᠶᠢᠯᠠᠯ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠥᠷᠭᠡᠳᠬᠡᠵᠦ᠂ ᠮᠠᠨ ᠤ ᠣᠷᠣᠨ ᠤ ᠬᠤᠪᠣᠷ ᠰᠢᠷᠣᠢ᠂ ᠡᠨᠧᠷᠭᠢ᠂ ᠴᠠᠬᠢᠯᠭᠠᠨ ᠬᠦᠴᠦᠨ᠂ ᠰᠦ ᠶᠢᠨ ᠦᠢᠯᠡᠰ᠂ ᠮᠠᠯ ᠠᠵᠤ ᠠᠬᠤᠢ᠂ ᠠᠮᠢᠳᠤ ᠪᠣᠳᠠᠰ ᠤᠨ ᠡᠮ ᠦᠢᠯᠡᠳᠬᠦ᠂ ᠠᠮᠢ ᠠᠬᠤᠢ ᠣᠷᠴᠢᠨ ᠲᠣᠭᠤᠷᠢᠨ ᠢ ᠵᠠᠰᠠᠬᠤ ᠵᠡᠷᠭᠡ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠲᠠᠷᠢᠶᠠᠯᠠᠩ ᠤᠨ ᠠᠵᠤ ᠠᠬᠤᠶᠢᠯᠠᠯ ᠤᠨ ︽ᠪᠡᠶ᠎ᠡ ᠪᠠᠨ ᠳᠠᠭᠠᠭᠠᠭᠰᠠᠨ ᠮᠡᠷᠭᠡᠵᠢᠯ ᠤᠨ ᠦᠢᠯᠡᠳᠬᠦᠨ ᠢ ᠪᠡᠶᠡᠴᠢᠯᠡᠨ ᠣᠶᠢᠯᠠᠭᠠᠬᠤ︾ ᠠᠵᠢᠯᠯᠠᠭ᠎ᠠ ᠥᠷᠨᠢᠭᠦᠯᠬᠦ ᠶᠢ ᠬᠥᠲᠥᠯᠥᠨ ᠵᠢᠯᠣᠭᠤᠳᠤᠨ᠎ᠠ︔ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢᠶᠠᠨ ᠲᠠᠰᠤᠷᠠᠯᠲᠠ ᠦᠭᠡᠢ ᠪᠠᠶᠠᠯᠢᠭᠵᠢᠭᠤᠯᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨᠲᠠᠨ ︵ᠰᠢᠨᠵᠢᠯᠡᠬᠦ ᠤᠬᠠᠭᠠᠨ ᠤ ᠠᠵᠢᠯᠲᠠᠨ︶᠂ ᠰᠢᠨᠵᠢᠯᠡᠬᠦ ᠤᠬᠠᠭᠠᠨ ᠤ ᠬᠢᠴᠢᠶᠡᠯ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠲᠠᠯᠠᠪᠤᠷ ᠭᠠᠵᠠᠷ ᠤᠨ ᠡᠬᠢ ᠪᠠᠶᠠᠯᠢᠭ ᠤᠨ ᠬᠥᠮᠥᠷᠭᠡ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠮᠢᠩᠭᠠᠨ ᠲᠤᠰᠬᠠᠢ ᠮᠡᠷᠭᠡᠵᠢᠯᠲᠡᠨ ᠮᠢᠩᠭᠠᠨ ᠰᠤᠷᠭᠠᠭᠤᠯᠢ ᠳᠤ ᠣᠷᠣᠬᠤ︾ ᠲᠤᠰᠬᠠᠢ ᠲᠥᠷᠥᠯ ᠤᠨ ᠠᠵᠢᠯᠯᠠᠭ᠎ᠠ ᠵᠡᠷᠭᠡ ᠶᠢ ᠦᠷᠨᠢᠬᠦᠯᠦᠨ᠎ᠡ︔ ᠦᠨᠡᠯᠡᠵᠦ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠦᠨᠡᠯᠡᠬᠦ ᠨᠠᠷᠢᠨ ᠳᠦᠷᠢᠮ ᠢ ᠲᠣᠭᠲᠠᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠡᠯᠡᠬᠦ ᠲᠠᠪᠴᠠᠩ ᠢ ᠡᠬᠢᠯᠡᠨ ᠬᠡᠷᠡᠭᠯᠡᠵᠦ᠂ ᠰᠢᠨᠵᠢᠯᠡᠬᠦ ᠤᠬᠠᠭᠠᠨᠴᠢ ᠪᠠᠷ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠬᠦ ᠨᠠᠷᠢᠨ ᠳᠦᠷᠢᠮ ᠳᠤ ᠣᠷᠣᠭᠤᠯᠤᠨ᠎ᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号