ᠵᠠᠯᠠᠶᠢᠳ ᠤᠨ ᠵᠢᠭᠤᠯᠴᠢᠯᠠᠯ — ︽ᠲᠠᠯ᠎ᠠ ᠨᠤᠲᠤᠭ ᠤᠨ ᠪᠤᠯᠵᠤᠭ᠎ᠠ︾ ᠬᠢᠨᠭ᠍ᠭᠠᠨ ᠠᠶᠢᠮᠠᠭ ᠤᠨ ᠨᠠᠭᠠᠳᠦᠮ ᠤᠨ ᠬᠤᠷᠠᠯ ᠡᠬᠢᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2024/6/25
    7 ᠰᠠᠷ᠎ᠠ ᠠᠴᠠ 8 ᠰᠠᠷ᠎ᠠ ᠪᠤᠯ ᠲᠠᠯ᠎ᠠ ᠨᠤᠲᠤᠭ ᠤᠨ ᠬᠠᠮᠤᠭ ᠤᠨ ᠭᠤᠶᠤ ᠤᠯᠠᠷᠢᠯ ᠪᠤᠯᠦᠨ᠎ᠠ᠃ ᠡᠨᠡᠬᠦ ᠳᠡᠯᠭᠡᠷ ᠰᠠᠶᠢᠬᠠᠨ ᠤᠯᠠᠷᠢᠯ ᠳᠤ ᠬᠤᠷᠴᠢᠨ ᠪᠠᠷᠠᠭᠤᠨ ᠡᠮᠤᠨᠡᠳᠤ ᠬᠤᠰᠢᠭᠤᠨ ᠤ ᠤᠯᠠᠭᠠᠨᠮᠤᠲᠦ ᠶᠢᠨ ᠲᠠᠯ᠎ᠠ ᠨᠤᠲᠤᠭ ᠤᠨ ᠤᠢ ᠮᠤᠲᠤ ᠨᠢ ᠬᠦᠭᠡᠷᠡᠨ ᠨᠤᠭᠤᠭᠠᠷᠠᠵᠦ᠂ ᠠᠳᠤᠭᠤ ᠮᠠᠯ ᠨᠢ ᠳᠠᠷᠬᠠᠨ ᠪᠡᠯᠴᠢᠵᠦ᠂ ᠬᠦᠮᠦᠨ ᠠᠷᠡᠳ ᠨᠢ ᠪᠠᠶᠠᠰᠦᠨ ᠵᠢᠷᠭᠠᠵᠦ᠂ ᠲᠠᠯ᠎ᠠ ᠨᠤᠲᠤᠭ ᠤᠨ ᠬᠠᠮᠤᠭ ᠤᠨ ᠭᠤᠶᠤ ᠦᠡᠭᠭᠡ ᠦᠵᠡᠮᠵᠢ ᠶᠢ ᠬᠤᠯᠠ ᠤᠶᠢᠷ᠎ᠠ ᠶᠢᠨ ᠵᠢᠭᠤᠯᠴᠢᠯᠠᠬᠴᠢᠳ ᠲᠤ ᠤᠶᠢᠯᠠᠭᠠᠭᠤᠯᠬᠤ ᠪᠤᠯᠦᠨ᠎ᠠ᠃     ᠤᠳᠤᠬᠠᠨ ᠳᠤ᠂ ᠤᠯᠠᠭᠠᠨᠮᠤᠲᠦ ᠶᠢᠨ ᠲᠠᠯ᠎ᠠ ᠨᠤᠲᠤᠭ ᠨᠢ ᠶᠠᠬ ᠬᠤᠯᠠ ᠤᠶᠢᠷ᠎ᠠ ᠶᠢᠨ ᠵᠢᠭᠤᠯᠴᠢᠯᠠᠬᠴᠢᠳ ᠤᠨ ᠰᠡᠯᠡᠭᠦᠴᠡᠨ ᠲᠤᠭᠤᠷᠢᠬᠤ ᠬᠠᠮᠤᠭ ᠬᠦᠭᠵᠢᠶᠠᠨᠲᠠᠢ ᠴᠠᠬ ᠤᠯᠠᠷᠢᠯ ᠳᠤ ᠤᠷᠤᠵᠦ ᠢᠷᠡᠭᠰᠡᠨ ᠪᠠᠶᠢᠨ᠎ᠠ᠃ ᠬᠤᠯᠠ ᠤᠶᠢᠷ᠎ᠠ ᠶᠢᠨ ᠵᠢᠭᠤᠯᠴᠢᠯᠠᠬᠴᠢᠳ ᠡ᠊ᠨᠳᠡ ᠢᠷᠡᠵᠦ ᠮᠤᠷᠢ ᠤᠨᠤᠬᠤ᠂ ᠰᠤᠷ ᠬᠠᠷᠪᠤᠬᠤ᠂ ᠪᠦᠭᠡ ᠪᠠᠷᠢᠯᠳᠤᠬᠤ ᠶᠢ ᠤᠯᠵᠦ ᠰᠤᠨᠢᠷᠬᠠᠬᠤ ᠪᠦᠭᠡᠳ ᠲᠤᠬᠠᠢ ᠶᠢᠨ ᠭᠠᠵᠠᠷ ᠤᠨ ᠬᠦᠮᠦᠨ ᠠᠷᠡᠳ ᠤᠨ ᠬᠠᠯᠠᠭᠤᠨ ᠰᠡᠳᠬᠢᠯᠭᠡ ᠪᠠ ᠵᠠᠩ ᠤᠶᠢᠯᠡ ᠶᠢ ᠤᠶᠢᠯᠠᠭᠠᠵᠦ ᠪᠤᠯᠦᠨ᠎ᠠ᠃     ᠬᠢᠨᠭ᠍ᠭᠠᠨ ᠠᠶᠢᠮᠠᠭ ᠤᠨ ᠨᠠᠭᠠᠳᠦᠮ ᠤᠨ ᠬᠤᠷᠠᠯ ᠪᠤᠯ ᠨᠢᠭᠡ ᠵᠢᠯ ᠳᠤ ᠨᠢᠭᠡ ᠤᠳᠠᠭ᠎ᠠ ᠶᠠᠪᠤᠬᠳᠠᠳᠠᠬ ᠦᠪᠡᠳᠡᠭᠰᠢ ᠶᠡᠭᠡ ᠨᠠᠶᠢᠷ ᠤᠨ ᠴᠤᠬᠯᠠᠭᠠᠨ ᠪᠤᠯᠬᠤ ᠪᠦᠭᠡᠳ ᠲᠠᠯ᠎ᠠ ᠨᠤᠲᠤᠭ ᠤᠨ ᠬᠠᠮᠤᠭ ᠤᠨ ᠬᠦᠷ ᠬᠦᠭᠵᠢᠶᠠᠨ ᠲᠠᠢ ᠲᠠᠮᠢᠷ ᠤᠨ ᠴᠤᠬᠯᠠᠭᠠᠨ ᠪᠤᠯᠬᠤ ᠶᠤᠮ᠃ ᠡᠨᠡᠬᠦ ᠲᠠᠮᠢᠷ ᠤᠨ ᠴᠤᠬᠯᠠᠭᠠᠨ ᠳᠤ ᠮᠤᠩᠭᠤᠯ ᠦᠨᠳᠦᠰᠦᠲᠡᠨ ᠤ ᠡᠷ᠎ᠠ ᠶᠢᠨ ᠭᠤᠷᠪᠠᠨ ᠨᠠᠭᠠᠳᠦᠮ᠂ ᠤᠷᠠᠨ ᠰᠠᠶᠢᠬᠠᠨ ᠤ ᠲᠤᠬᠯᠠᠯᠲᠠ ᠶᠢ ᠤᠯᠵᠦ ᠰᠤᠨᠢᠷᠬᠠᠬᠤ ᠪᠠᠷ ᠪᠠᠷᠠᠬᠤ ᠦᠭᠡᠢ ᠴᠠᠭᠠᠨ ᠢᠳᠡᠭᠡᠨ᠂ ᠤᠯᠠᠭᠠᠨ ᠢᠳᠡᠭᠡᠨ ᠢ ᠤᠯᠵᠦ ᠠᠮᠳᠠᠯᠠᠬᠤ ᠪᠦᠭᠡᠳ ᠬᠤᠪᠴᠠᠰᠦ ᠵᠠᠰᠠᠯ ᠤᠨ ᠦᠵᠡᠭᠦᠯᠭᠡ ᠵᠡᠷᠭᠡ ᠲᠠᠯ᠎ᠠ ᠨᠤᠲᠤᠭ ᠤᠨ ᠵᠠᠩ ᠤᠶᠢᠯᠡ ᠪᠠ ᠰᠤᠶᠤᠯ ᠢᠷᠭᠡᠨᠰᠢᠯ ᠤᠨ ᠲᠤᠬᠠᠢ ᠪᠡᠶᠡᠴᠢᠯᠠᠨ ᠤᠶᠢᠯᠠᠭᠠᠵᠦ ᠳᠡᠶᠢᠯᠦᠨ᠎ᠠ᠃      ᠦᠨᠦ ᠵᠢᠯ ᠤᠨ ᠬᠢᠨᠭ᠍ᠭᠠᠨ ᠠᠶᠢᠮᠠᠭ ᠤᠨ ᠨᠠᠭᠠᠳᠦᠮ ᠤᠨ ᠬᠤᠷᠠᠯ ᠨᠢ 7 ᠰᠠᠷ᠎ᠠ ᠶᠢᠨ 17 ᠠᠴᠠ 8 ᠰᠠᠷ᠎ᠠ ᠶᠢᠨ 18 ᠤ ᠡᠳᠦᠷ ᠪᠤᠯᠳᠠᠯ᠎ᠠ ᠶᠠᠪᠤᠬᠳᠠᠬᠤ ᠪᠠᠷ ᠪᠠᠶᠢᠨ᠎ᠠ᠂ ︽ᠲᠠᠯ᠎ᠠ ᠨᠤᠲᠤᠭ ᠤᠨ ᠪᠤᠯᠵᠤᠭ᠎ᠠ︾᠂ ᠲᠠᠯ᠎ᠠ ᠨᠤᠲᠤᠭ ᠤᠨ ᠬᠠᠮᠤᠭ ᠤᠨ ᠭᠤᠶᠤ ᠤᠯᠠᠷᠢᠯ ᠳᠤ ᠤᠯᠠᠭᠠᠠᠮᠤᠲᠦ ᠲᠠᠯ᠎ᠠ ᠨᠤᠲᠤᠭ ᠬᠤᠯᠠ ᠤᠶᠢᠷ᠎ᠠ ᠶᠢᠨ ᠨᠠᠭᠠᠳᠦᠮᠴᠢᠨ ᠵᠤᠴᠢᠨ ᠲᠠ ᠨᠠᠷ ᠢᠶᠠᠨ ᠪᠠᠶᠠᠷᠯᠡᠨ ᠤᠬᠳᠤᠵᠦ ᠪᠠᠶᠢᠨ᠎ᠠ᠂ ᠬᠠᠮᠲᠦ ᠪᠠᠷ ᠲᠠᠯ᠎ᠠ ᠨᠤᠲᠤᠭ ᠲᠤ ᠪᠤᠯᠵᠤᠶ᠎ᠠ︕      
     ᠵᠢᠷᠤᠬ ᠤᠳ ᠪᠤᠯ᠂ ᠦᠡᠭᠭᠡᠷᠡᠭᠰᠡᠨ ᠵᠢᠯ ᠤᠨ ᠬᠢᠨᠭ᠍ᠭᠠᠨ ᠠᠶᠢᠮᠠᠬ ᠤᠨ ᠨᠠᠭᠠᠳᠤᠮ ᠤᠨ ᠬᠤᠷᠠᠯ ᠤᠨ ᠭᠡᠰᠡᠭ ᠦᠵᠡᠭᠳᠡᠯ ᠪᠤᠯᠤᠨ᠎ᠠ᠃                                   ᠳᠠᠷᠬᠠᠨ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号