ᠵᠠᠯᠠᠶᠢᠳ ᠬᠤᠰᠢᠭᠤᠨ ᠤ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠠᠮᠤᠷ ᠲᠦᠪᠰᠢᠨ ᠤ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/6/26
     ᠭᠠᠯ ᠰᠡᠷᠭᠡᠶᠢᠯᠡᠵᠤ ᠤᠨᠲᠠᠷᠠᠭᠠᠬᠤ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠬᠠᠷᠢᠶ᠎ᠠ ᠣᠷᠣᠨ ᠤ ᠣᠯᠠᠨ ᠲᠦᠮᠡᠨ ᠤ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ ᠂ 6 ᠰᠠᠷ᠎ᠠ ᠶᠢᠨ 24 ᠤ ᠡᠳᠦᠷ᠂ ᠵᠠᠯᠠᠶᠢᠳ ᠬᠤᠰᠢᠭᠤᠨ ᠤ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶ᠎ᠠ ᠣᠷᠣᠨ ᠤ ᠪᠠᠨ ᠹᠠᠨ ᠷᠥᠩ ᠵᠠᠬ᠎ᠠ ᠳᠡᠯᠭᠡᠭᠦᠷ ᠢᠶᠠᠷ ᠬᠦᠷᠴᠦ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠲᠤᠰ ᠤᠳᠠᠭᠠᠨ ᠤ ᠠᠵᠢᠯᠯᠠᠭ᠎ᠠ ᠳᠤ᠂ ᠠᠪᠤᠷᠠᠨ ᠲᠤᠰᠠᠯᠠᠬᠤ ᠶᠡᠭᠡ ᠠᠩᠭᠢ ᠶᠢᠨ ᠭᠠᠯ ᠰᠡᠷᠭᠡᠶᠢᠯᠡᠵᠤ ᠤᠨᠲᠠᠷᠠᠭᠠᠬᠤ ᠤᠬᠠᠭᠤᠯᠭ᠎ᠠ ᠶᠢᠨ ᠠᠵᠢᠯᠲᠠᠨ ᠡᠯ᠎ᠡ ᠬᠤᠳᠠᠯᠳᠤᠭᠠᠴᠢᠨ ᠡᠷᠦᠬᠡ ᠵᠢᠴᠢ ᠣᠯᠠᠨ ᠲᠦᠮᠡᠨ ᠳᠤ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠦᠭᠦᠮ ᠣᠶᠢᠯᠠᠭᠠᠮᠵᠢᠲᠠᠶ ᠦᠭᠡ ᠬᠡᠯᠡ ᠪᠠᠷ ᠡᠳᠦᠷ ᠲᠤᠲᠤᠮ ᠤᠨ ᠭᠠᠯ ᠰᠡᠷᠭᠡᠶᠢᠯᠡᠬᠦ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠦᠭᠪᠡ᠃ ᠡᠭᠦᠨ ᠤ ᠬᠠᠮᠲᠤ ᠤᠬᠠᠭᠤᠯᠭ᠎ᠠ ᠶᠢᠨ ᠠᠵᠢᠯᠲᠠᠨ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠳᠤ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠠᠩᠬᠠᠷᠴᠤ᠂ ᠲᠡᠷᠭᠡᠳᠡᠬᠢ ᠣᠷᠣᠰᠢᠵᠤ ᠪᠠᠶᠢᠭ᠎ᠠ ᠡᠯ᠎ᠡ ᠲᠥᠷᠥᠯ ᠤᠨ ᠭᠠᠯ ᠤᠨ ᠠᠶᠦᠯ ᠤᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ ᠭᠡᠵᠦ ᠰᠠᠨᠠᠭᠤᠯᠪᠠ᠃    ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠤ ᠬᠠᠮᠲᠤ ᠨᠡᠶᠢᠭᠡᠮ ᠨᠡᠶᠢᠳᠡ ᠳᠤ ᠨᠠᠩ ᠡᠶ᠎ᠡ ᠵᠣᠬᠢᠴᠠᠩᠭᠤᠶ᠂ ᠠᠮᠤᠷ ᠲᠦᠪᠰᠢᠨ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号