| | ᠣᠳᠣᠬᠠᠨ ᠳᠤ ᠪᠡᠭᠡᠵᠢᠩ᠂ ᠾᠧᠪᠧᠢ ᠵᠡᠷᠭᠡ ᠭᠠᠵᠠᠷ ᠲᠤ ᠠᠭᠠᠭᠢᠮ᠎ᠠ ᠬᠠᠯᠠᠭᠤᠨ ᠴᠠᠭ ᠠᠭᠤᠷ ᠦᠷᠭᠦᠯᠵᠢᠯᠡᠵᠦ | ᠪᠠᠶᠢᠨ᠎ᠠ᠃ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠡᠷᠡᠭᠦᠯ ᠮᠡᠨᠳᠦ ᠶᠢᠨ ᠰᠠᠨᠠᠭᠤᠯᠤᠮᠵᠢ | ᠨᠡᠶᠢᠲᠡᠯᠡᠵᠦ᠂ ᠬᠡᠦᠬᠡᠳ ᠤᠨ ᠨᠠᠷᠠᠰᠢᠬᠤ ᠪᠣᠯ ᠪᠠᠭ᠎ᠠ ᠶᠠᠪᠤᠳᠠᠯ ᠪᠢᠰᠢ᠂ ᠭᠡᠷ ᠤᠨ ᠠᠬᠠᠮᠠᠳ ᠨᠠᠷ ᠬᠡᠦᠬᠡᠳ ᠤᠨ | ᠨᠠᠷᠠᠰᠢᠬᠤ ᠶᠢ ᠤᠷᠢᠳᠴᠢᠯᠠᠨ ᠰᠡᠷᠭᠡᠶᠢᠯᠡᠬᠦ᠂ ᠨᠠᠷᠠᠰᠢᠬᠰᠠᠨ ᠪᠠᠶᠢᠳᠠᠯ ᠢ ᠢᠯᠭᠠᠨ ᠲᠠᠨᠢᠬᠤ ᠵᠢᠴᠢ ᠨᠠᠷᠠᠰᠢᠭᠰᠠᠨ | ᠬᠡᠦᠬᠡᠳ ᠢ ᠬᠡᠷᠬᠢᠨ ᠠᠰᠠᠷᠠᠨ ᠬᠠᠷᠠᠭᠠᠯᠵᠠᠬᠤ ᠲᠤᠬᠠᠢ ᠮᠡᠳᠡᠯᠭᠡ ᠶᠢ ᠣᠶᠢᠯᠠᠭᠠᠬᠤ ᠬᠡᠷᠡᠭᠲᠡᠢ ᠭᠡᠵᠠᠢ᠃ | ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠷᠬᠢᠯᠡᠭᠴᠢ ᠡᠮᠴᠢ ᠸᠠᠩ ᠴᠢᠤᠸᠠᠨ | ᠢᠯᠡᠷᠬᠡᠶᠢᠯᠡᠬᠦ ᠳᠡᠭᠡᠨ᠂ ᠬᠡᠦᠬᠡᠳ᠂ ᠵᠢᠷᠮᠦᠰᠦᠨ ᠪᠠ ᠬᠥᠩᠭᠡᠵᠢᠭᠰᠡᠨ ᠡᠮᠡᠭᠲᠡᠢ᠂ ᠨᠠᠰᠤᠲᠠᠶᠢᠴᠤᠳ᠂ ᠤᠳᠠᠭᠠᠨ | ᠴᠢᠨᠠᠷᠲᠠᠢ ᠰᠠᠭᠤᠷᠢ ᠴᠢᠨᠠᠷᠲᠠᠢ ᠡᠪᠡᠳᠴᠢᠲᠡᠨ ᠵᠢᠴᠢ ᠭᠡᠷ ᠤᠨ ᠭᠠᠳᠠᠨ᠎ᠠ ᠠᠵᠢᠯᠯᠠᠳᠠᠬ ᠠᠵᠢᠯᠲᠠᠨ ᠵᠡᠷᠭᠡ ᠬᠥᠮᠥᠰ ᠨᠠᠩ | ᠠᠮᠠᠷᠬᠠᠨ ᠨᠠᠷᠠᠰᠢᠬᠤ ᠪᠣᠯᠬᠤᠷ ᠲᠣᠰ ᠪᠡᠶ᠎ᠡ ᠶᠢᠨ ᠡᠷᠡᠭᠦᠯ ᠮᠡᠨᠳᠦ ᠶᠢᠨ ᠰᠡᠷᠭᠡᠶᠢᠯᠡᠯᠲᠡ ᠪᠠᠨ ᠣᠨᠴᠠᠭᠠᠶ ᠴᠢᠩᠭᠠᠳᠬᠠᠬᠤ | ᠬᠡᠷᠡᠭᠲᠡᠢ ᠭᠡᠵᠡᠢ᠃ ᠢᠯᠠᠩᠭᠤᠶ᠎ᠠ ᠬᠡᠦᠬᠡᠳ ᠤᠨ ᠪᠡᠶ᠎ᠡ ᠮᠠᠬᠠᠪᠤᠳ ᠨᠢ ᠨᠠᠰᠤᠨ ᠳᠤ ᠬᠦᠷᠦᠭᠰᠡᠳ ᠲᠠᠢ ᠠᠳᠠᠯᠢ ᠦᠭᠡᠢ | ᠪᠠᠶᠢᠵᠤ᠂ ᠲᠡᠳᠡᠨ ᠤ ᠰᠢᠨ᠎ᠡ ᠬᠠᠭᠤᠴᠢᠨ ᠤ ᠰᠣᠯᠢᠯᠴᠠᠭ᠎ᠠ ᠨᠢ ᠲᠦᠷᠭᠡᠨ᠂ ᠬᠥᠯᠥᠰᠦᠨ ᠪᠤᠯᠴᠢᠷᠬᠠᠢ ᠶᠢᠨ | ᠪᠤᠶᠢᠵᠢᠯᠲᠠ ᠨᠢ ᠬᠠᠷᠠᠬᠠᠨ ᠪᠣᠯᠪᠠᠰᠤᠷᠠᠭᠠᠳᠤᠢ᠂ ᠪᠡᠶ᠎ᠡ ᠶᠢᠨ ᠳᠤᠯᠠᠭᠠᠨ ᠢ ᠲᠣᠬᠢᠷᠠᠭᠤᠯᠬᠤ ᠰᠢᠰᠲ᠋ᠧᠮ ᠨᠢ | ᠪᠤᠶᠢᠵᠢᠯᠲᠠ ᠳᠠᠭᠠᠨ ᠪᠠᠶᠢᠬᠤ ᠤᠴᠢᠷ ᠠᠴᠠ ᠨᠡᠩ ᠠᠮᠠᠷᠬᠠᠨ ᠨᠠᠷᠠᠰᠢᠳᠠᠭ᠃ | ᠬᠡᠷᠬᠢᠨ ᠬᠡᠦᠬᠡᠳ ᠤᠨ ᠨᠠᠷᠠᠰᠢᠬᠤ ᠠᠴᠠ ᠰᠡᠷᠭᠡᠶᠢᠯᠡᠬᠦ ᠪᠣᠶ︖ ᠡᠷᠡᠭᠦᠯ ᠮᠡᠨᠳᠦ ᠶᠢᠨ ᠰᠠᠨᠠᠭᠤᠯᠤᠮᠵᠢ ᠶᠢ | ᠦᠨᠳᠦᠰᠦᠯᠡᠪᠡᠯ᠂ ᠭᠡᠷ ᠤᠨ ᠭᠠᠳᠠᠨᠠᠬᠢ ᠬᠥᠳᠡᠯᠭᠡᠭᠡᠨ ᠤ ᠴᠠᠭ ᠪᠠ ᠭᠠᠵᠠᠷ᠂ ᠥᠨᠳᠥᠷ ᠳᠤᠯᠠᠭᠠᠨ᠂ ᠴᠢᠬᠢᠭ ᠶᠡᠬᠡᠳᠡᠢ | ᠠᠭᠤᠷ ᠠᠮᠢᠰᠬᠤᠯ ᠢ ᠪᠠᠭᠲᠠᠭᠠᠭᠰᠠᠨ ᠵᠢᠷᠭᠤᠭᠠᠨ ᠲᠠᠯ᠎ᠠ ᠶᠢ ᠠᠩᠬᠠᠷᠬᠤ ᠬᠡᠷᠡᠭᠲᠡᠢ︔ ᠬᠥᠩᠭᠡᠨ᠂ ᠠᠭᠤᠵᠢᠭᠤ᠂ | ᠭᠦᠢᠬᠡᠨ ᠥᠩᠭᠡ ᠲᠠᠢ᠂ ᠠᠭᠠᠷ ᠨᠡᠪᠲᠡᠷᠡᠬᠦ ᠬᠤᠪᠴᠠᠰᠤ ᠡᠮᠦᠰᠴᠦ᠂ ᠴᠠᠭ ᠲᠤᠬᠠᠢ ᠳᠤᠨᠢ ᠬᠥᠯᠥᠰᠦᠨ ᠳᠤ | ᠳᠡᠪᠲᠦᠭᠰᠡᠨ ᠬᠤᠪᠴᠠᠰᠤ ᠪᠠᠨ ᠰᠣᠯᠢᠨ᠎ᠠ︔ ᠬᠡᠦᠬᠡᠳ ᠤᠨ ᠭᠦᠢᠴᠡᠳ ᠤᠰᠤ ᠤᠤᠭᠤᠬᠤ ᠶᠢ ᠪᠠᠲᠤᠯᠠᠵᠤ᠂ ᠤᠰᠤ | ᠪᠤᠶᠤ ᠴᠠᠬᠢᠯᠭᠠᠨ ᠵᠠᠳᠠᠯᠤᠭᠳᠠᠬᠤᠨ ᠤᠮᠳᠠᠭᠠᠨ ᠤᠤᠭᠤᠬᠤ ᠨᠢ ᠳᠤᠬᠢᠷᠠᠮᠵᠢᠳᠠᠢ︔ ᠦᠬᠡᠬᠦ ᠳᠤᠰᠤ ᠪᠠᠭᠠᠳᠠᠢ | ᠰᠢᠩᠭᠡᠭᠡᠬᠦ ᠳᠤ ᠬᠢᠯᠪᠠᠷ ᠢᠳᠡᠭᠡᠨ ᠢ ᠢᠯᠡᠭᠦᠬᠡᠨ ᠢᠳᠡᠬᠦᠯᠪᠡᠯ ᠵᠤᠬᠢᠨ᠎ᠠ︔ ᠬᠡᠦᠬᠡᠳ ᠤᠨ ᠭᠦᠢᠴᠡᠳ ᠠᠮᠠᠷᠠᠬᠤ ᠶᠢ | ᠪᠠᠲᠤᠯᠠᠬᠤ ᠬᠡᠷᠡᠭᠲᠡᠢ︔ ᠣᠳᠣᠬᠠᠨ ᠳᠤ ᠨᠡᠶᠢᠳᠡᠮ ᠮᠡᠳᠡᠷᠡᠭᠳᠡᠭᠰᠡᠨ ᠬᠡᠤᠬᠡᠳ ᠤᠨ ᠨᠠᠷᠠᠰᠢᠬᠤ ᠳᠤ ᠳᠤᠬᠢᠷᠠᠬᠤ ᠡᠮ | ᠭᠡᠵᠦ ᠪᠠᠶᠢᠬᠤ ᠦᠭᠡᠢ᠂ ᠭᠡᠷ ᠤᠨ ᠠᠬᠠᠮᠠᠳ ᠤᠳ ᠬᠡᠦᠬᠡᠳ ᠲᠡᠭᠡᠨ ᠲᠤᠷ᠎ᠠ ᠪᠠᠷ ᠢᠶᠠᠨ ︽ᠨᠠᠷᠠᠰᠢᠬᠤ ᠠᠴᠠ | ᠰᠡᠷᠭᠡᠶᠢᠯᠡᠬᠦ ᠡᠮ︾ ᠤᠤᠭᠤᠯᠭᠠᠵᠤ ᠪᠣᠯᠬᠤ ᠦᠭᠡᠢ᠃ | ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠨᠠᠷᠠᠰᠢᠬᠤ ᠶᠢ ᠤᠷᠢᠲᠠᠯ ᠰᠢᠨᠵᠢᠲᠦ ᠨᠠᠷᠠᠰᠢᠬᠤ᠂ | ᠬᠥᠩᠭᠡᠨ ᠨᠠᠷᠠᠰᠢᠬᠤ ᠪᠠ ᠬᠦᠨᠳᠦ ᠨᠠᠷᠠᠰᠢᠬᠤ ᠵᠡᠷᠭᠡ ᠱᠠᠲᠤ ᠬᠤᠪᠢᠶᠠᠳᠠᠭ᠃ ᠥᠨᠳᠥᠷ ᠳᠤᠯᠠᠭᠠᠨ᠂ ᠥᠨᠳᠥᠷ | ᠴᠢᠭᠢᠭᠯᠢᠭ ᠣᠷᠴᠢᠨ ᠲᠣᠭᠤᠷᠢᠨ ᠢᠯᠡᠷᠡᠭᠰᠡᠨ ᠤ ᠳᠠᠷᠠᠭ᠎ᠠ᠂ ᠬᠡᠦᠬᠡᠳ ᠤᠳ ᠶᠠᠳᠠᠷᠠᠵᠤ ᠲᠠᠮᠢᠷᠳᠠᠬᠤ᠂ ᠲᠣᠯᠣᠭᠠᠢ | ᠡᠷᠭᠢᠵᠦ ᠲᠣᠯᠣᠭᠠᠢ ᠡᠪᠡᠳᠬᠦ᠂ ᠠᠮᠠ ᠬᠠᠲᠠᠵᠤ ᠬᠥᠯᠥᠰᠦ ᠶᠡᠭᠡ ᠭᠠᠷᠬᠤ᠂ ᠳᠤᠷ᠎ᠠ ᠪᠣᠯᠭᠢᠵᠤ ᠪᠥᠭᠡᠯᠵᠢᠬᠦ᠂ ᠴᠢᠷᠠᠢ | ᠬᠤᠵᠶᠢᠬᠤ᠂ ᠵᠢᠷᠦᠬᠡᠨ ᠴᠣᠬᠢᠯᠭ᠎ᠠ ᠲᠦᠷᠭᠡᠰᠬᠦ᠂ ᠤᠰᠤ ᠠᠯᠳᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ | ᠨᠠᠷᠠᠰᠢᠬᠰᠠᠨ ᠪᠠᠶᠢᠬᠤ ᠮᠠᠭᠠᠳ ᠦᠭᠡᠢ᠃ | ᠨᠠᠷᠠᠰᠢᠭᠰᠠᠨ ᠬᠡᠦᠬᠡᠳ ᠢ ᠬᠡᠷᠬᠢᠨ ᠠᠰᠠᠷᠠᠨ ᠬᠠᠷᠠᠭᠠᠯᠵᠠᠬᠤ ᠪᠣᠶ︖ ᠡᠷᠡᠭᠦᠯ ᠮᠡᠨᠳᠦ ᠶᠢᠨ ᠰᠠᠨᠠᠭᠤᠯᠤᠮᠵᠢ ᠳᠤ | ᠬᠡᠷᠪᠡ ᠬᠡᠦᠬᠡᠳ ᠨᠠᠷᠠᠰᠢᠬᠤ ᠢᠯᠡᠷᠡᠯ ᠲᠠᠢ ᠪᠠᠶᠢᠪᠠᠯ᠂ ︽ᠨᠢᠭᠡ ᠳᠤ ᠨᠡᠭᠦᠯᠭᠡᠬᠦ᠂ ᠬᠤᠶᠠᠷ ᠲᠤ ᠪᠠᠭᠤᠷᠠᠭᠤᠯᠬᠤ᠂ | ᠭᠤᠷᠪᠠ ᠳᠤ ᠨᠥᠬᠦᠪᠦᠷᠢᠯᠡᠬᠦ᠂ ᠳᠥᠷᠪᠡ ᠳᠤ ᠰᠢᠯᠵᠢᠭᠦᠯᠬᠦ︾ ᠵᠠᠷᠴᠢᠮ ᠢᠶᠠᠷ ᠰᠶᠢᠳᠪᠦᠷᠢᠯᠡᠨ᠎ᠡ᠄ ᠨᠡᠭᠦᠭᠡᠯᠭᠡᠬᠦ | ᠭᠡᠳᠡᠭ ᠨᠢ ᠬᠡᠦᠬᠡᠳ ᠢ ᠥᠨᠳᠥᠷ ᠬᠠᠯᠠᠭᠤᠨ᠂ ᠥᠨᠳᠥᠷ ᠴᠢᠭᠢᠭᠯᠢᠭ᠂ ᠪᠢᠲᠡᠭᠦᠮᠵᠢᠯᠡᠭᠰᠡᠨ᠂ ᠨᠡᠷᠡᠨ ᠳᠤ ᠰᠢᠷᠠᠭᠳᠠᠭᠰᠠᠨ | ᠣᠷᠴᠢᠨ ᠠᠴᠠ ᠦᠳᠲᠡᠷ ᠲᠦᠷᠭᠡᠨ ᠵᠠᠶᠢᠯᠠᠭᠤᠯᠵᠤ᠂ ᠰᠡᠷᠢᠭᠦᠨ ᠭᠠᠵᠠᠷ ᠰᠢᠯᠵᠢᠭᠦᠯᠦᠨ᠎ᠡ︔ ᠳᠤᠯᠠᠭᠠᠨ ᠤ ᠬᠡᠮᠵᠢᠶ᠎ᠡ ᠶᠢ | ᠪᠠᠭᠤᠷᠠᠭᠤᠯᠬᠤ ᠪᠣᠯ ᠨᠠᠷᠠᠰᠢᠭᠰᠠᠨ ᠠᠴᠠ ᠲᠦᠷᠭᠡᠨ ᠠᠪᠤᠷᠠᠬᠤ ᠬᠠᠮᠤᠭ ᠤᠨ ᠴᠢᠬᠤᠯᠠ ᠠᠷᠭ᠎ᠠ ᠬᠡᠮᠵᠢᠶ᠎ᠡ ᠮᠥᠨ᠂ | ᠨᠠᠷᠠᠰᠢᠭᠰᠠᠨ ᠤ ᠳᠠᠷᠠᠭ᠎ᠠ 30 ᠮᠢᠨᠦ᠋ᠲ ᠤᠨ ᠳᠣᠲᠣᠷ᠎ᠠ ᠡᠷᠬᠡᠪᠰᠢ ᠠᠯᠢ ᠲᠦᠷᠭᠡᠨ ᠢᠶᠠᠷ 40 ᠭᠷᠡᠳᠦ᠋ᠰ ᠠᠴᠠ | ᠳᠣᠷᠣᠭᠰᠢ ᠪᠣᠯᠲᠠᠯ᠎ᠠ ᠪᠠᠭᠤᠷᠠᠭᠤᠯᠵᠤ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠳᠤ ᠬᠤᠪᠴᠠᠰᠤ ᠬᠤᠨᠠᠷ ᠢ ᠨᠢ | ᠲᠠᠶᠢᠯᠬᠤ᠂ ᠪᠦᠯᠢᠶᠡᠨ ᠤᠰᠤ ᠪᠠᠷ ᠪᠦᠬᠦ ᠪᠡᠶ᠎ᠡ ᠶᠢ ᠨᠢ ᠵᠦᠯᠭᠦᠬᠦ᠂ ᠰᠠᠯᠬᠢᠨ ᠰᠡᠩᠰᠡ ᠪᠤᠶᠤ ᠠᠭᠠᠷ | ᠲᠣᠬᠢᠷᠠᠭᠤᠯᠤᠭᠴᠢ ᠪᠠᠷ ᠢᠯᠴᠢ ᠰᠠᠷᠨᠢᠭᠤᠯᠬᠤ ᠵᠡᠷᠭᠡ ᠪᠠᠭᠲᠠᠨ᠎ᠠ︔ ᠬᠡᠦᠬᠡᠳ ᠨᠠᠷᠠᠰᠢᠪᠠᠯ ᠦᠷᠭᠦᠯᠵᠢ ᠤᠰᠤ ᠠᠯᠳᠠᠬᠤ | ᠪᠠ ᠴᠠᠬᠢᠯᠭᠠᠨ ᠵᠠᠳᠠᠯᠤᠭᠳᠠᠬᠤᠨ ᠰᠠᠮᠠᠭᠤᠷᠠᠬᠤ ᠪᠠᠶᠢᠳᠠᠯ ᠭᠠᠷᠳᠠᠭ᠂ ᠡᠶᠢᠮᠦ ᠠᠴᠠ ᠪᠠᠭ᠎ᠠ ᠬᠡᠮᠵᠢᠶ᠎ᠡ ᠪᠠᠷ ᠣᠯᠠᠨ | ᠤᠳᠠᠭ᠎ᠠ ᠬᠡᠦᠬᠡᠳ ᠲᠤ ᠬᠡᠪ ᠤᠨ ᠳᠤᠯᠠᠭᠠᠨ ᠲᠠᠢ ᠤᠰᠤ ᠪᠤᠶᠤ ᠴᠠᠬᠢᠯᠭᠠᠨ ᠵᠠᠳᠠᠯᠤᠭᠳᠠᠬᠤᠨ ᠤ ᠤᠮᠳᠠᠭᠠᠨ | ᠤᠤᠭᠤᠯᠭᠠᠪᠠᠯ ᠵᠣᠬᠢᠨ᠎ᠠ︔ ᠬᠦᠨᠳᠦ ᠬᠡᠯᠪᠡᠷᠢ ᠶᠢᠨ ᠨᠠᠷᠠᠰᠢᠭᠰᠠᠨ᠂ ᠢᠯᠠᠩᠭᠤᠶ᠎ᠠ ᠶᠡᠭᠡ ᠬᠠᠯᠠᠭᠤᠷᠠᠬᠤ᠂ ᠤᠬᠠᠭᠠᠨ | ᠰᠠᠨᠠᠭ᠎ᠠ ᠪᠠᠯᠠᠷᠠᠬᠤ᠂ ᠲᠠᠲᠠᠪᠠᠯᠵᠠᠬᠤ ᠵᠡᠷᠭᠡ ᠮᠡᠳᠡᠷᠡᠯ ᠤᠨ ᠰᠢᠰᠲ᠋ᠧᠮ ᠤᠨ ᠡᠪᠡᠳᠴᠢᠨ ᠤ ᠢᠯᠡᠷᠡᠯ ᠲᠠᠢ ᠬᠡᠦᠬᠡᠳ ᠢ | ᠳᠠᠷᠦ᠋ᠢᠬᠠᠨ ᠣᠶᠢᠷ᠎ᠠ ᠬᠠᠪᠢ ᠶᠢᠨ ᠡᠮᠨᠡᠯᠭᠡ ᠶᠢᠨ ᠬᠤᠷᠢᠶ᠎ᠠ ᠳᠤ ᠬᠦᠷᠭᠡᠵᠦ ᠡᠮᠨᠡᠭᠦᠯᠬᠦ ᠬᠡᠷᠡᠭᠲᠡᠢ᠃ | |