ᠠᠮᠢ ᠠᠬᠤᠢ ᠶᠢᠨ ᠣᠷᠴᠢᠯ ᠬᠥᠭᠵᠢᠯᠲᠡ ᠨᠢ ᠠᠷᠠᠳ ᠤᠯᠠᠨ ᠤ ᠣᠷᠣᠯᠭ᠎ᠠ ᠶᠢ ᠨᠡᠮᠡᠭᠳᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2024/6/26
    ᠤᠢᠢᠷ᠎ᠠ ᠶᠢᠨ ᠵᠢᠯ ᠠᠴᠠ᠂ ᠵᠠᠯᠠᠶᠢᠳ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ  ᠳᠠᠭᠠᠨ ᠲᠦᠰᠢᠭᠯᠡᠨ᠂ ︽ᠡᠪᠡᠰᠦᠨ ᠤ ᠠᠵᠤ ᠠᠬᠤᠢ︾ ᠶᠢ ᠢᠳᠡᠪᠬᠢᠲᠡᠢ ᠰᠦᠪᠡᠭᠴᠢᠯᠡᠨ ᠠᠭᠤᠳᠠᠯᠵᠤ᠂ ︽ᠡᠪᠡᠰᠦᠨ ᠤ ᠠᠮᠢ ᠠᠬᠤᠢ︾ ᠶᠢ ᠬᠠᠮᠠᠭᠠᠯᠠᠵᠤ᠂ ︽ᠡᠪᠡᠰᠦᠨ ᠤ ᠠᠵᠢᠯ︾ ᠢ ᠰᠠᠶᠢᠲᠤᠷ ᠬᠢᠵᠦ᠂ ︽ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠠᠷᠠᠳ ᠤᠯᠠᠨ ᠤ ᠣᠷᠣᠯᠭ᠎ᠠ ᠶᠢ ᠨᠡᠮᠡᠭᠳᠡᠭᠦᠯᠬᠦ︾ ᠠᠮᠢ ᠠᠬᠤᠢ ᠶᠢᠨ ᠣᠷᠴᠢᠯ ᠬᠥᠭᠵᠢᠯᠲᠡ ᠶᠢᠨ ᠵᠠᠮ ᠢ ᠰᠦᠪᠡᠭᠴᠢᠯᠡᠨ ᠭᠠᠷᠭᠠᠵᠠᠢ᠃     ᠪᠠᠭ᠎ᠠ ᠪᠣᠷᠣᠭᠠᠨ ᠤ ᠳᠠᠷᠠᠭ᠎ᠠ᠂ ᠬᠦᠷᠡᠯ ᠪᠠᠯᠭᠠᠰᠤᠨ ᠤ ᠴᠠᠭᠠᠠᠮᠦ᠋ᠷᠡᠨ ᠭᠠᠴᠠᠭᠠᠨ ᠤ 8600 ᠮᠥ ᠨᠤᠳᠤᠭ ᠪᠡᠯᠴᠢᠭᠡᠷ ᠤᠯᠠᠮ ᠠᠴᠠ ᠤᠯᠠᠮ ᠠᠮᠢᠵᠢᠷᠠᠯ ᠤᠨ ᠬᠦᠴᠦᠨ ᠲᠠᠢ ᠪᠣᠯᠪᠠ᠃ ᠨᠢᠭᠡ ᠲᠣᠮᠣ ᠬᠡᠯᠪᠡᠷᠢ ᠶᠢᠨ ᠦᠷ᠎ᠡ ᠰᠠᠴᠤᠬᠤ ᠮᠠᠰᠢᠨ ᠨᠢᠭᠡ ᠮᠥᠬᠦᠯᠢᠭ ᠰᠢᠯᠢᠳᠡᠭ ᠬᠢᠶᠠᠭ ᠡᠪᠡᠰᠦ ᠶᠢ ᠨᠠᠷᠢᠯᠢᠭ ᠣᠨᠣᠴᠠᠲᠠᠶ ᠪᠠᠷ ᠰᠠᠴᠤᠵᠤ᠂ ᠲᠠᠯ᠎ᠠ ᠨᠤᠲᠤᠭ ᠤᠨ ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠨᠥᠭᠡᠴᠡ ᠬᠦᠴᠦᠨ ᠢ ᠭᠦᠢᠴᠡᠳ ᠨᠥᠬᠦᠪᠥᠷᠢᠯᠡᠨ᠎ᠡ᠃ ᠨᠤᠲᠤᠭ ᠤᠰᠤᠨ ᠤ ᠪᠠᠨ ᠨᠤᠲᠤᠭ ᠪᠡᠯᠴᠢᠭᠡᠷ ᠠᠭᠠᠵᠢᠮ ᠢᠶᠠᠷ ᠰᠠᠶᠢᠵᠢᠷᠠᠵᠤ ᠪᠠᠶᠢᠬᠤ ᠶᠢ  ᠬᠠᠷᠠᠭᠠᠳ᠂ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠴᠠᠭᠠᠨᠮᠥ᠋ᠷᠡᠨ ᠭᠠᠴᠠᠭᠠᠨ ᠤ ᠮᠠᠯᠴᠢᠨ ᠴᠧᠨ ᠰᠤᠶᠤᠯ ︽ᠠᠵᠤ ᠠᠬᠤᠶ ᠶᠢᠨ ᠲᠠᠩᠰᠠ︾ ᠶᠢ ᠪᠤᠳᠤᠬᠤ ᠶᠢᠨ ᠬᠠᠮᠲᠤ ᠪᠠᠰᠠ ᠨᠢᠭᠡ ᠬᠤᠪᠢ ︽ᠠᠮᠢ ᠠᠬᠤᠶ ᠶᠢᠨ ᠲᠠᠩᠰᠠ︾ ᠨᠡᠮᠡᠭᠳᠡᠪᠡ᠃     ︽ᠨᠠᠮᠤᠷ ᠪᠣᠯᠬᠤ ᠳᠤ ᠡᠪᠡᠰᠦ ᠬᠠᠳᠤᠵᠤ ᠬᠤᠨᠢ ᠢᠮᠠᠭ᠎ᠠ ᠪᠠᠨ ᠲᠡᠵᠢᠭᠡᠳᠡᠭ᠂ ᠡᠨᠡ ᠨᠢ ᠮᠠᠨ ᠤ ᠲᠡᠵᠢᠭᠡᠨ ᠦᠷᠡᠵᠢᠭᠦᠯᠬᠦ ᠡᠷᠦᠬᠡ ᠳᠤ ᠶᠡᠭᠡ ᠬᠡᠮᠵᠢᠶᠡᠨ ᠤ ᠵᠣᠭᠤᠰ ᠠᠷᠪᠢᠯᠠᠵᠤ ᠦᠭᠴᠡᠢ᠂ ᠡᠪᠡᠰᠤ ᠲᠠᠷᠢᠵᠤ ᠪᠠᠷᠠᠭᠰᠠᠨ ᠤ ᠳᠠᠷᠠᠭ᠎ᠠ ᠲᠠᠯ᠎ᠠ ᠨᠤᠲᠤᠭ᠂ ᠣᠷᠴᠢᠨ ᠲᠣᠭᠤᠷᠢᠨ ᠳᠤ ᠪᠦᠷ ᠠᠰᠢᠭᠲᠠᠢ ᠪᠠᠶᠢᠳᠠᠭ ᠮᠦᠷᠲᠡᠭᠡᠨ ᠪᠠᠰᠠ ᠨᠢᠭᠡᠨ ᠰᠠᠶᠢᠨ ᠣᠷᠴᠢᠯ ᠪᠣᠯᠤᠨ᠎ᠠ︾ ᠭᠡᠵᠤ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠴᠠᠭᠠᠠᠮᠦ᠋ᠷᠡᠨ ᠭᠠᠴᠠᠭᠠᠨ ᠤ ᠠᠷᠠᠳ ᠴᠧᠨ ᠰᠣᠶᠣᠯ ᠬᠡᠯᠡᠵᠤ ᠪᠠᠶᠢᠯ᠎ᠠ᠃     ︽ᠬᠢᠶᠠᠭ ᠡᠪᠡᠰᠣ︾ ᠶᠢᠨ ᠲᠠᠯᠠᠪᠠᠢ ᠨᠢ ᠲᠡᠵᠢᠭᠡᠯ ᠡᠪᠡᠰᠤᠨ ᠤ ᠬᠡᠷᠡᠭᠴᠡᠭᠡ ᠶᠢ ᠬᠠᠩᠭᠠᠬᠤ ᠶᠢᠨ ᠬᠠᠮᠳᠦ ᠭᠤᠶᠤ ᠦᠵᠡᠮᠵᠢ ᠵᠡᠷᠭᠡ ᠶᠡᠷᠦᠩᠬᠡᠢ ᠦᠨ᠎ᠡ ᠦᠷᠳᠡᠭ ᠢ ᠪᠠᠳᠠᠷᠠᠭᠤᠯᠤᠭᠰᠠᠨ ᠮᠥᠷᠲᠡᠭᠡᠨ ᠪᠠᠰᠠ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠪᠡᠶᠡᠯᠡᠭᠦᠯᠦᠭᠰᠡᠨ ᠪᠠᠶᠢᠨ᠎ᠠ᠃ ᠬᠢᠶᠠᠭ ᠡᠪᠡᠰᠣ ᠲᠠᠷᠢᠬᠤ ᠶᠢ ᠲᠦᠭᠡᠮᠡᠯᠵᠢᠭᠦᠯᠵᠤ᠂ ᠴᠢᠨᠠᠷ ᠰᠠᠶᠢᠲᠠᠶ ᠲᠡᠵᠢᠭᠡᠯ ᠡᠪᠡᠰᠦᠨ ᠤ ᠦᠷ᠎ᠡ ᠶᠢ ᠥᠷᠭᠡᠳᠬᠡᠨ ᠦᠷᠡᠵᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠨᠢ ᠵᠠᠯᠠᠶᠢᠳ ᠬᠤᠰᠢᠭᠤᠨ ᠤ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠮᠢ ᠠᠬᠤᠶ ᠶᠢ ᠰᠡᠷᠭᠦᠭᠡᠬᠦ ᠪᠣᠳᠠᠲᠠᠶ ᠦᠢᠯᠡᠳᠦᠯᠭᠡ ᠶᠢᠨ ᠨᠢᠭᠡ ᠪᠣᠯᠪᠠ᠃     ︽ᠮᠠᠨ ᠤ ᠬᠢᠶᠠᠭ ᠡᠪᠡᠰᠦᠨ ᠤ ᠦᠷ᠎ᠠ ᠶᠢᠨ ᠮᠦ ᠪᠦᠷᠢ ᠶᠢᠨ ᠤᠨᠠᠯᠲᠠ ᠪᠠᠷᠤᠭ 15 ᠺᠢᠯᠣᠭ᠍ᠷᠠᠮ ᠳᠤ ᠬᠦᠷᠴᠣ᠂ ᠲᠣᠰᠬᠤᠨ ᠤ ᠬᠠᠮᠲᠤ ᠶᠢᠨ ᠠᠰᠢᠭ ᠣᠷᠣᠯᠭ᠎ᠠ ᠪᠠᠷᠤᠭ 200 ᠲᠦᠮᠡ᠂ ᠮᠦ ᠪᠦᠷᠢ ᠶᠢᠨ ᠬᠠᠭᠤᠷᠠᠶ ᠡᠪᠡᠰᠦᠨ ᠤ ᠭᠠᠷᠤᠯᠲᠠ 400 ᠺᠢᠯᠣᠭ᠍ᠷᠠᠮ᠂ ᠲᠣᠰᠬᠤᠨ ᠤ ᠬᠠᠮᠲᠤ ᠶᠢᠨ ᠠᠰᠢᠭ ᠣᠷᠣᠯᠭ᠎ᠠ ᠪᠠᠷᠤᠭ 100 ᠲᠦᠮᠡ᠂ ᠬᠢᠶᠠᠭ ᠡᠪᠡᠰᠤ ᠲᠠᠷᠢᠬᠤ ᠪᠠᠷ ᠳᠠᠮᠵᠢᠨ ᠮᠠᠨ ᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠰᠢᠭᠤᠳ ᠳᠠᠶᠢᠴᠢᠯᠠᠪᠠ︾ ᠭᠡᠵᠤ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠰᠧ ᠾᠧ ᠲᠣᠰᠬᠤᠨ ᠤ ᠨᠠᠮ ᠤᠨ ᠡᠭᠦᠷ ᠤᠨ ᠭᠡᠰᠢᠭᠦᠨ ᠼᠤᠤ ᠬᠤᠩ ᠯᠢ ᠬᠡᠯᠡᠪᠡ᠃     ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠶ᠂ ᠲᠦᠷᠭᠡᠨ᠂ ᠦᠷᠭᠦᠯᠵᠢᠯᠡᠬᠦ ᠬᠥᠭᠵᠢᠯᠲᠡ ᠨᠢ ᠵᠠᠯᠠᠶᠢᠳ ᠬᠤᠰᠢᠭᠤᠨ ᠤ ᠦᠬᠡᠷ᠂ ᠬᠤᠨᠢ ᠢᠮᠠᠭ᠎ᠠ ᠲᠡᠵᠢᠭᠡᠨ ᠦᠷᠡᠵᠢᠭᠦᠯᠬᠦ ᠪᠠᠷ ᠭᠤᠤᠯ ᠪᠣᠯᠭᠠᠭᠰᠠᠨ ᠮᠠᠯ ᠠᠵᠤ ᠠᠬᠤᠶ ᠳᠤ ᠪᠠᠲᠤ ᠪᠠᠬᠢ ᠲᠡᠵᠢᠭᠡᠯ ᠡᠪᠡᠰᠦᠨ ᠤ ᠪᠠᠲᠤᠯᠠᠭ᠎ᠠ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠵᠠᠯᠠᠶᠢᠳ ᠬᠤᠰᠢᠭᠤᠨ ᠤ ︽ᠪᠡᠯᠴᠢᠭᠡᠷ ᠢᠶᠠᠷ ᠮᠠᠯ ᠢ ᠳᠠᠶᠢᠴᠢᠯᠠᠬᠤ᠂ ᠮᠠᠯ ᠠᠵᠤ ᠠᠬᠤᠶ ᠪᠠᠷ  ᠡᠪᠡᠰᠤᠨ ᠦᠢᠯᠡᠰ ᠢ ᠠᠬᠢᠭᠤᠯᠬᠤ᠂ ᠮᠠᠯ ᠪᠡᠯᠴᠢᠭᠡᠷ ᠢ ᠨᠢᠭᠡ ᠴᠤᠭᠴᠠᠵᠢᠭᠤᠯᠬᠤ︾ ᠠᠬᠢᠴᠠ ᠶᠢ ᠲᠦᠷᠭᠡᠳᠬᠡᠪᠡ᠃ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤᠨ ᠤ ᠤᠶᠠᠭ᠎ᠠ ᠭᠠᠴᠠᠭ᠎ᠠ ᠪᠠᠷ ᠬᠦᠷᠬᠦ ᠳᠤ᠂ ᠲᠥᠬᠦᠭᠡᠷᠦᠮᠵᠢ ᠨᠢ ᠪᠦᠷᠢᠨ ᠲᠡᠭᠦᠯᠳᠡᠷ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠰᠡᠭᠦᠶᠢᠨ ᠪᠤᠰᠴᠤ ᠪᠠᠶᠢᠯ᠎ᠠ᠃ ᠪᠠᠷᠢᠯᠭ᠎ᠠ ᠶᠢᠨ ᠠᠬᠢᠴᠠ ᠬᠡᠳᠦ᠋ᠢᠪᠡᠷ ᠠᠳᠠᠯᠢ ᠪᠤᠰᠤ ᠪᠣᠯᠪᠠᠴᠤ ᠤᠳᠠᠯ ᠦᠭᠡᠢ ᠪᠠᠶᠢᠭᠤᠯᠬᠤ ᠪᠠᠷ ᠪᠠᠶᠢᠭ᠎ᠠ ᠰᠢᠨ᠎ᠡ ᠬᠠᠰᠢᠶ᠎ᠠ ᠰᠠᠷᠠᠪᠴᠢ ᠶᠢ ᠬᠠᠷᠠᠬᠤ ᠳᠤ᠂ ᠥᠷᠭᠡᠨ ᠤᠯᠠᠨ ᠲᠡᠵᠢᠭᠡᠨ ᠦᠷᠡᠵᠢᠭᠦᠯᠬᠦ ᠡᠷᠦᠬᠡ ᠦᠨᠡᠨ ᠰᠡᠳᠬᠢᠯ ᠠᠴᠠ ᠪᠠᠨ ᠨᠠᠮ ᠪᠣᠯᠤᠨ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠳᠤ ᠲᠠᠯᠠᠷᠬᠠᠨ᠎ᠠ᠃     ︽ᠣᠳᠣ ᠦᠬᠡᠷ ᠤᠨ ᠬᠠᠰᠢᠶ᠎ᠠ ᠰᠠᠷᠠᠪᠴᠢ ᠪᠠᠷᠢᠬᠤ ᠳᠤ ᠨᠥᠬᠦᠪᠥᠷᠢ ᠥᠭᠴᠦ ᠪᠠᠶᠢᠬᠤ ᠪᠠᠷ ᠦᠯᠦ ᠪᠠᠷᠠᠨ ᠦᠬᠡᠷ ᠲᠡᠵᠢᠭᠡᠬᠦ ᠲᠥᠬᠦᠭᠡᠷᠦᠮᠵᠢ᠂ ᠬᠤᠳᠬᠤᠭᠤᠷ ᠮᠠᠰᠢᠨ ᠬᠤᠳᠠᠯᠳᠤᠨ ᠠᠪᠬᠤ ᠳᠤ ᠪᠦᠷ ᠨᠥᠬᠦᠪᠥᠷᠢ ᠲᠠᠢ᠂ ᠮᠠᠨᠤᠰ ᠦᠬᠡᠷ ᠲᠡᠵᠢᠭᠡᠬᠦ ᠳᠤ ᠮᠠᠰᠢ ᠢᠲᠡᠭᠡᠯ ᠲᠠᠢ ᠪᠠᠶᠢᠨ᠎ᠠ︾ ᠭᠡᠵᠦ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤᠨ ᠤ ᠤᠶᠠᠭ᠎ᠠ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ ᠴᠧᠨ ᠬᠦᠭᠵᠢᠯᠲᠤ ᠬᠡᠯᠡᠵᠤ ᠪᠠᠶᠢᠯ᠎ᠠ᠃     ᠡᠨᠡ ᠵᠢᠯ᠂ ᠵᠠᠯᠠᠶᠢᠳ ᠬᠤᠰᠢᠭᠤ ᠬᠢᠩᠭᠠᠨ ᠠᠶᠢᠮᠠᠭ ᠤᠨ ᠪᠡᠯᠴᠢᠭᠡᠷ ᠤᠨ ᠲᠠᠭᠠᠭᠠᠴᠠ ᠠᠴᠠ ᠬᠡᠳᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠬᠤᠰᠢᠭᠤ ᠰᠢᠶᠠᠨ ᠤ ᠨᠢᠭᠡ ᠪᠣᠯᠤᠭᠰᠠᠨ ᠤ ᠬᠤᠪᠢ ᠳᠤ᠂ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠰᠢᠢᠳᠪᠦᠷᠢᠯᠡᠬᠦ ᠭᠤᠤᠯ ᠵᠥᠷᠢᠴᠡᠯ ᠪᠠ ᠵᠠᠩᠭᠢᠯᠠᠭ᠎ᠠ ᠶᠢᠨ ᠠᠰᠠᠭᠤᠳᠠᠯ ᠤᠨ ᠲᠣᠭᠤᠷᠢᠨ ᠳᠤ ᠠᠵᠢᠯ ᠢᠶᠠᠨ ᠰᠠᠶᠢᠲᠤᠷ ᠬᠢᠵᠦ᠂ ︽ᠵᠠᠯᠠᠶᠢᠳ ᠬᠤᠰᠢᠭᠤᠨ ᠤ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠬᠡᠷᠡᠭᠵᠢᠭᠦᠯᠬᠦ ᠲᠥᠰᠦᠯ︾ ᠪᠠ ᠠᠯᠢ ᠣᠯᠠᠨ ᠵᠣᠷᠢᠭᠵᠢᠭᠤᠯᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢᠨ ᠬᠠᠮᠲᠤ ᠪᠣᠳᠠᠲᠠᠶ ᠳᠤ ᠰᠠᠭᠤᠷᠢᠯᠠᠨ᠂ ︽6 ᠵᠠᠭᠪᠤᠷ︾  ᠪᠤᠯᠤᠨ ︽13 ᠵᠦᠢᠯ ᠤᠨ ᠠᠷᠭ᠎ᠠ︾ ᠶᠢ ᠰᠦᠪᠡᠭᠴᠢᠯᠡᠨ ᠳᠡᠯᠭᠡᠷᠡᠭᠦᠯᠵᠦ ᠨᠤᠲᠤᠭ ᠪᠡᠯᠴᠢᠭᠡᠷ ᠤᠨ ᠰᠡᠯᠭᠦᠨ ᠮᠠᠯᠵᠢᠬᠤ ᠪᠠ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠪᠠ᠃      ᠠᠯᠢ ᠣᠯᠠᠨ ᠨᠠᠷᠢᠯᠢᠭ ᠣᠨᠣᠴᠠᠲᠠᠢ ᠬᠦᠴᠦᠯᠡᠵᠦ᠂  ᠨᠤᠳᠤᠭ ᠪᠡᠯᠴᠢᠭᠡᠷ ᠤᠨ ᠮᠠᠯ ᠠᠵᠤ ᠠᠬᠤᠢ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠣᠳᠣᠬᠠᠨ ᠳᠤ᠂ ᠵᠠᠯᠠᠶᠢᠳ ᠬᠤᠰᠢᠭᠤᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠤᠷᠮ᠎ᠠ᠂ ᠲᠡᠵᠢᠭᠡᠯ ᠡᠪᠡᠰᠦᠨ ᠤ ᠭᠠᠷᠤᠯᠲᠠ ᠲᠣᠭᠲᠠᠭᠤᠨ ᠢᠶᠠᠷ ᠳᠡᠭᠡᠭᠰᠢᠯᠡᠵᠦ᠂ ᠨᠤᠲᠤᠭ  ᠪᠡᠯᠴᠢᠭᠡᠷ ᠤᠨ ᠥᠪᠡᠷ ᠢ ᠪᠠᠨ ᠰᠢᠨᠡᠳᠭᠡᠨ ᠵᠠᠰᠠᠬᠤ ᠴᠢᠳᠠᠪᠤᠷᠢ ᠳᠡᠭᠡᠭᠰᠢᠯᠡᠵᠦ᠂ ︽ᠦᠵᠡᠰᠬᠦᠯᠡᠩᠲᠦ ᠰᠠᠶᠢᠬᠠᠨ ᠮᠢᠨᠤ ᠨᠤᠲᠤᠭ᠂ ᠰᠠᠯᠬᠢᠨ ᠤ ᠠᠶ᠎ᠠ ᠪᠠᠷ ᠡᠪᠡᠰᠦ ᠴᠡᠴᠡᠭ ᠮᠢᠷᠠᠯᠵᠠᠨ ᠳᠡᠯᠭᠡᠷᠡᠬᠦ︾ ᠪᠠᠭ᠋ᠠᠷᠤᠮ᠎ᠠ ᠰᠠᠶᠢᠬᠠᠨ ᠦᠵᠡᠮᠵᠢ ᠶᠢ ᠳᠡᠯᠭᠡᠨ ᠦᠵᠡᠭᠦᠯᠵᠤ ᠪᠠᠶᠢᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号