ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
        6 ᠰᠠᠷ᠎ᠠ ᠶᠢᠨ 26 ᠤ ᠡᠳᠦᠷ᠂ ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠬᠠᠰᠪᠦ᠋ᠬᠡ ᠬᠤᠷᠠᠯ ᠢ ᠡᠷᠭᠢᠯᠡᠪᠡ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠬᠤ︾ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ︽2022 ᠣᠨ ᠤ ᠬᠤᠰᠢᠭᠤᠨ ᠤ ᠲᠣᠰ ᠱᠠᠲᠤᠨ ᠤ ᠲᠥᠰᠦᠪ ᠤᠨ ᠬᠡᠷᠡᠭᠵᠢᠭᠦᠯᠦᠯᠲᠡ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠵᠠᠯᠠᠶᠢᠳ ᠬᠤᠰᠢᠭᠤᠨ ᠤ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠬᠤᠰᠢᠭᠤᠨ ᠤ ᠵᠠᠰᠠᠭ ᠤᠨ ᠣᠷᠳᠣᠨ ᠤ ︽︿ᠤᠮᠠᠷᠠᠲᠤ ᠶᠢᠨ ᠭᠤᠷᠪᠠᠨ ᠤᠷᠤᠨ﹀ ᠤ ᠬᠠᠯᠬᠠᠪᠴᠢ ᠣᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠵᠦ᠂ ᠬᠤᠰᠢᠭᠤᠨ ᠤ ᠵᠠᠰᠠᠭ ᠤᠨ ᠣᠷᠳᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ᠂ ᠬᠤᠷᠠᠯ ᠠᠴᠠ ᠪᠠᠰᠠ ᠠᠵᠢᠯᠲᠠᠨ ᠤ  ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ  ᠶᠠᠪᠤᠭᠳᠠᠭᠤᠯᠪᠠ᠃    ᠬᠤᠷᠠᠯ ᠠᠴᠠ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠤ ᠬᠠᠮᠤᠭ ᠤᠨ ᠲᠤᠯᠭᠠᠮ᠎ᠠ ᠬᠠᠮᠤᠭ ᠤᠨ ᠰᠢᠭᠤᠳ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠠᠵᠢᠯ ᠬᠢᠬᠦ ᠶᠢ ᠪᠡᠶᠡᠯᠡᠭᠦᠯᠵᠦ ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠤᠨ ᠰᠠᠶᠢᠨ ᠰᠠᠶᠢᠬᠠᠨ ᠲᠦᠷᠢ ᠲᠥᠷᠬᠦ ᠶᠢ ᠰᠠᠶᠢᠲᠤᠷ ᠪᠤᠢ ᠪᠣᠯᠭᠠᠬᠤ ᠬᠡᠷᠡᠭᠲᠡᠢ᠃ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠪᠣᠳᠠᠲᠠᠢ ᠬᠦᠴᠢᠷᠳᠡᠯᠲᠡᠢ ᠤᠯᠠᠨ ᠲᠦᠮᠡᠨ ᠤ ᠬᠢᠨ  ᠢᠶᠠᠷ ᠭᠦᠨᠵᠡᠭᠡᠶᠢᠷᠡᠨ ᠠᠰᠠᠭᠤᠳᠠᠯ ᠤᠨ ᠦᠨᠳᠦᠰᠦ ᠰᠤᠷᠪᠤᠯᠵᠢ ᠶᠢ ᠡᠷᠢᠵᠦ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠬᠠᠮᠲᠤ ᠪᠠᠷ ᠰᠢᠢᠳᠪᠦᠷᠢᠯᠡᠬᠦ ᠠᠷᠭ᠎ᠠ ᠵᠠᠮ ᠢ ᠡᠷᠢᠬᠦ ᠬᠡᠷᠡᠭᠲᠡᠶ︔ ︽ᠤᠮᠠᠷᠠᠲᠤ ᠶᠢᠨ ᠭᠤᠷᠪᠠᠨ ᠤᠷᠤᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠬᠤ ᠬᠡᠷᠡᠭᠲᠡᠢ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠡᠯ᠎ᠡ ᠵᠦᠢᠯ ᠤᠨ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃    
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号