︽ᠵᠠᠯᠠᠶᠢᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠰᠠᠭᠤᠳᠠᠯ ᠢ ᠲᠦᠢᠯᠪᠤᠷᠢᠲᠠᠢ ᠪᠠᠶᠢᠴᠠᠭᠠᠨ ᠴᠡᠭᠴᠡᠯᠡᠨ ᠰᠠᠶᠢᠵᠢᠷᠠᠭᠤᠯᠵᠤ ᠶᠡᠬᠡᠪᠡᠷ ᠠᠬᠢᠭᠤᠯᠵᠤ ᠦᠷ᠎ᠠ ᠪᠦᠳᠣᠮᠵᠢ ᠶᠢ ᠶᠡᠬᠡᠪᠡᠷ ᠲᠡᠭᠡᠭᠰᠢᠯᠡᠭᠦᠯᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/6/27
ᠡᠯ᠎ᠡ ᠰᠤᠮᠤ᠂ ᠰᠢᠶᠠᠩ᠂ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠬᠤᠰᠢᠭᠤᠨ ᠳᠤ ᠰᠠᠭᠤᠭ᠎ᠠ ᠪᠠᠶᠢᠭᠤᠯᠭ᠎ᠠ ᠨᠢᠭᠡᠴᠢ ᠳᠤ᠄     ᠡᠳᠦᠭᠡ ︽ᠵᠠᠯᠠᠶᠢᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠰᠠᠭᠤᠳᠠᠯ ᠢ ᠲᠦᠢᠯᠪᠤᠷᠢᠲᠠᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠶᠡᠬᠡᠪᠡᠷ ᠠᠬᠢᠭᠤᠯᠵᠤ ᠦᠷ᠎ᠠ ᠪᠦᠳᠣᠮᠵᠢ ᠶᠢ  ᠶᠡᠬᠡᠪᠡᠷ ᠲᠡᠭᠡᠭᠰᠢᠯᠡᠭᠦᠯᠬᠦ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠲᠥᠰᠦᠯ ᠤᠨ ᠱᠠᠭᠠᠷᠳᠠᠯᠭ᠎ᠠ ᠶᠣᠰᠣᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                              2024 ᠣᠨ ᠤ 6 ᠰᠠᠷ᠎ᠠ ᠶᠢᠨ 5 ᠤ ᠡᠳᠦᠷᠵᠠᠯᠠᠶᠢᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠰᠠᠭᠤᠳᠠᠯ ᠢ ᠲᠦᠢᠯᠪᠤᠷᠢᠲᠠᠢ ᠪᠠᠶᠢᠴᠠᠭᠠᠨ ᠴᠡᠭᠴᠡᠯᠡᠨ ᠰᠠᠶᠢᠵᠢᠷᠠᠭᠤᠯᠵᠤ ᠦᠷ᠎ᠠ ᠪᠦᠳᠣᠮᠵᠢ ᠶᠢ  ᠶᠡᠬᠡᠪᠡᠷ ᠲᠡᠭᠡᠭᠰᠢᠯᠡᠭᠦᠯᠬᠦ ᠠᠵᠢᠯ ᠤᠨ ᠲᠥᠰᠦᠯ    ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠰᠠᠭᠤᠳᠠᠯ ᠢ ᠲᠦᠢᠯᠪᠤᠷᠢᠲᠠᠢ ᠪᠠᠶᠢᠴᠠᠭᠠᠨ ᠴᠡᠭᠴᠡᠯᠡᠨ ᠰᠠᠶᠢᠵᠢᠷᠠᠭᠤᠯᠵᠤ ᠶᠡᠬᠡᠪᠡᠷ ᠠᠬᠢᠭᠤᠯᠬᠤ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠬᠦ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠪᠥᠲᠥᠭᠡᠨ ᠪᠠᠶᠢᠭᠤᠯᠤᠯᠲᠠ ᠲᠠᠷᠬᠠᠭᠠᠭᠰᠠᠨ ︹2020︺ 274 ᠳ᠋ᠤᠭᠡᠷ ᠲᠣᠭᠠᠲᠤ ︶᠂ ᠬᠢᠩᠭᠠᠨ ᠠᠶᠢᠮᠠᠭ ᠤᠨ ᠵᠠᠬᠢᠷᠭ᠎ᠠ ᠲᠠᠷᠬᠠᠭᠠᠭᠰᠠᠨ ︽ᠴᠢᠬᠤᠯᠠ ᠮᠡᠳᠡᠭᠳᠡᠯ︾᠂ ︽ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠬᠢᠩᠭᠠᠨ ᠲᠠᠷᠢᠶᠠᠯᠠᠩ ᠮᠠᠯ ᠠᠵᠤ ᠠᠬᠤᠶ ᠵᠠᠬᠢᠳᠠᠯ ﹇2020﹈ 174 ᠳ᠋ᠦ᠋ᠭᠡᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ  ᠦᠨᠡᠨ ᠬᠦ ᠠᠬᠢᠭᠤᠯᠬᠤ ᠶᠢᠨ ᠲᠥᠯᠥᠭᠡ᠂ ᠲᠣᠰ ᠲᠥᠰᠦᠯ ᠢ ᠲᠣᠭᠲᠠᠭᠠᠪᠠ᠃    ᠨᠢᠭᠡ᠂ ᠠᠵᠢᠯ ᠤᠨ ᠠᠭᠤᠯᠭ᠎ᠠ    ︵ᠨᠢᠭᠡ︶ ᠣᠨᠢᠨ ᠳᠡᠭᠡᠷ᠎ᠡ ᠨᠢ ᠬᠦᠴᠦᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠨ᠎ᠠ ᠨᠢᠭᠡ ᠳᠤ᠂ ᠪᠥᠬᠦ ᠲᠠᠯ᠎ᠠ ᠪᠠᠷ ᠡᠮᠬᠢᠯᠡᠵᠦ᠂ ᠨᠠᠷᠢᠯᠢᠭ ᠣᠨᠣᠴᠠᠲᠠᠶ ᠪᠠᠷ ᠵᠢᠭᠰᠠᠭᠠᠨ ᠪᠠᠶᠢᠴᠠᠭᠠᠨ᠎ᠠ᠃  ᠦᠨᠳᠦᠷ  ᠪᠠᠷᠢᠮᠵᠢᠶᠠᠳᠦ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠡᠤᠬᠡ ᠶᠢᠨ ᠲᠥᠷᠥᠯ ᠵᠦᠢᠯ ᠢ ᠵᠢᠭᠰᠠᠭᠠᠨ ᠪᠠᠶᠢᠴᠠᠭᠠᠵᠤ ᠰᠢᠯᠭᠠᠨ ᠠᠪᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ︽ᠡᠷᠭᠢᠵᠦ ᠬᠠᠷᠠᠬᠤ︾ ᠬᠡᠷᠡᠭᠲᠡᠢ᠃ ︽ᠡᠷᠭᠢᠵᠦ ᠬᠠᠷᠠᠬᠤ︾  ᠠᠵᠢᠯ ᠨᠢ ᠲᠥᠷᠥᠯ ᠵᠦᠢᠯ ᠪᠠᠶᠢᠭ᠎ᠠ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢᠶᠠᠷ ᠭᠤᠤᠯ ᠪᠣᠯᠭᠠᠵᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠤᠷᠢᠬᠤ ᠪᠠᠷ ᠬᠠᠪᠰᠤᠷᠤᠮᠵᠢ ᠪᠣᠯᠭᠠᠨ᠂ ᠲᠠᠷᠢᠶᠠᠯᠠᠩ ᠮᠠᠯ ᠠᠵᠤ ᠠᠬᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠥᠬᠦ ᠶᠠᠪᠤᠴᠠ ᠳᠤ ᠣᠷᠣᠯᠴᠠᠨ ᠵᠢᠯᠣᠭᠤᠳᠴᠤ᠂ ︽8+5+N︾ ᠢ ᠲᠦᠢᠯᠪᠤᠷᠢᠲᠠᠢ ᠪᠠᠶᠢᠴᠠᠭᠠᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠠᠵᠢᠯᠯᠠᠭ᠎ᠠ ︵8᠄ 2021 ᠣᠨ ᠠᠴᠠ ᠨᠠᠰᠢ ᠥᠷᠨᠢᠭᠦᠯᠦᠭᠰᠡᠨ 8 ᠡᠭᠡᠯᠵᠢ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠠᠵᠢᠯᠯᠠᠭ᠎ᠠ᠂ 5 ᠄ 2019 - 2023 ᠣᠨ ᠤ 5 ᠰᠠᠷ᠎ᠠ ᠳᠤ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠠᠵᠢᠯ ᠳᠠᠭᠤᠰᠴᠤ᠂ ᠬᠤᠰᠢᠭᠤ ᠰᠢᠶᠠᠨ ᠠᠩᠬ᠎ᠠ ᠠᠯᠬᠤᠮ ᠰᠢᠯᠭᠠᠨ ᠠᠪᠬᠤ᠂ ᠠᠶᠢᠮᠠᠭ ᠬᠤᠲᠠ ᠶᠢᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ ᠰᠤᠭᠤᠴᠢᠨ ᠪᠠᠶᠢᠴᠠᠭᠠᠬᠤ ᠪᠠᠭᠲᠠᠨ᠎ᠠ᠃ N᠄ 2019 ᠣᠨ ᠠᠴᠠ ᠨᠠᠰᠢ ᠣᠷᠣᠨ ᠠᠶᠢᠮᠠᠭ ᠬᠤᠰᠢᠭᠤ ᠭᠤᠷᠪᠠᠨ ᠱᠠᠲᠤᠨ ᠤ ᠥᠷᠨᠢᠭᠦᠯᠦᠭᠰᠡᠨ N ᠤᠳᠠᠭᠠᠨ ᠤ ᠰᠤᠭᠤᠴᠢᠨ ᠪᠠᠶᠢᠴᠠᠭᠠᠯᠲᠠ ᠬᠢᠨ᠎ᠡ︶᠂ ︽ᠬᠡᠨ ᠵᠢᠭᠰᠠᠭᠠᠨ ᠪᠠᠶᠢᠴᠠᠭᠠᠪᠠᠯ ᠬᠡᠨ ᠭᠠᠷ ᠤᠨ ᠥᠰᠥᠭ ᠵᠢᠷᠤᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠠᠵᠢᠯ ᠢᠶᠠᠨ ᠥᠷᠨᠢᠭᠦᠯᠦᠨ᠎ᠡ᠃     ᠬᠤᠶᠠᠷ ᠲᠤ᠂ ᠡᠬᠡ ᠲᠠᠩᠰᠠ ᠪᠠᠶᠢᠭᠤᠯᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠥᠩᠭᠡᠷᠡᠭᠰᠡᠨ ᠵᠢᠯ ᠤᠳ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠮᠠᠰᠢᠨ ᠴᠠᠬᠢᠯᠭᠠᠨ ᠬᠤᠳᠳᠤᠭ ᠨᠢᠭᠡᠪᠦᠷᠢ ᠶᠢᠨ ᠣᠷᠣᠨ ᠪᠠᠶᠢᠷᠢ᠂ ᠣᠳᠣᠬᠢ ᠪᠠᠶᠢᠳᠠᠯ᠂ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠰᠡᠯᠪᠢᠨ ᠵᠠᠰᠠᠬᠤ ᠦᠨ᠎ᠡ ᠥᠷᠲᠡᠭ ᠵᠡᠷᠭᠡ ᠪᠣᠳᠠᠲᠠᠶ ᠪᠠᠶᠢᠳᠠᠯ ᠢ ᠪᠥᠬᠦ ᠲᠠᠯ᠎ᠠ ᠪᠠᠷ ᠬᠢᠨᠠᠨ ᠬᠠᠷᠭᠤᠭᠤᠯᠪᠠ᠃ ︽ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠲᠦᠷᠢᠮ ᠲᠣᠭᠲᠠᠭᠠᠯ ᠲᠣᠭᠲᠠᠭᠠᠬᠤ︾ ᠭᠤᠷᠪᠠᠨ ᠭᠤᠭᠴᠤᠭ᠎ᠠ ᠶᠢᠨ ᠲᠣᠭᠤᠷᠢᠨ ᠳᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠦᠨᠡᠯᠡᠵᠦ᠂ ᠦᠯᠡᠳᠡᠭᠳᠡᠯ ᠠᠰᠠᠭᠤᠳᠠᠯ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠨᠠᠷᠢᠨ ᠣᠶᠢᠯᠠᠭᠠᠨ᠎ᠠ᠃     ᠭᠤᠷᠪᠠ ᠳᠤ᠂ ᠴᠢᠩᠭ᠎ᠠ ᠬᠠᠮᠢᠶᠠᠷᠴᠤ᠂ ᠲᠥᠷᠥᠯ ᠬᠤᠪᠢᠶᠠᠨ ᠴᠡᠭᠴᠡᠯᠡᠨ ᠰᠠᠶᠢᠵᠢᠷᠠᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠵᠤ᠂ ᠦᠯᠡᠳᠡᠭᠳᠡᠯ ᠠᠰᠠᠭᠤᠳᠠᠯ ᠢ ᠪᠦᠬᠦᠨ ᠢ ᠰᠢᠢᠳᠪᠤᠷᠢᠯᠡᠵᠤ᠂ ᠴᠠᠭ ᠬᠢᠵᠠᠭᠠᠷᠯᠠᠨ ᠳ᠋ᠤᠭᠠᠷ ᠬᠠᠰᠤᠬᠤ ᠶᠢ ᠠᠬᠢᠭᠤᠯᠬᠤ ᠬᠡᠷᠡᠭᠲᠡᠶ᠃ ᠬᠡᠪ ᠤᠨ ᠶᠣᠰᠣᠭᠠᠷ ᠬᠡᠷᠡᠭᠯᠡᠵᠦ ᠪᠣᠯᠬᠤ ᠮᠠᠰᠢᠨ ᠴᠠᠬᠢᠯᠭᠠᠨ ᠬᠤᠳᠳᠤᠭ ᠵᠢᠴᠢ ᠪᠦᠷᠢᠨ ᠪᠦᠲᠦᠨ ᠪᠡᠯᠡᠳᠬᠡᠮᠵᠢ ᠲᠥᠬᠦᠭᠡᠷᠦᠮᠵᠢ ᠳᠤ ᠴᠢᠭᠯᠡᠭᠦᠯᠦᠨ᠂ ᠨᠢᠭᠡ ᠨᠢᠭᠡ ᠪᠠᠷ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃     ︵ᠬᠤᠶᠠᠷ︶ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ ᠳᠦᠷᠢᠮ ᠲᠣᠭᠲᠠᠭᠠᠯ ᠲᠣᠭᠲᠠᠭᠠᠨ᠎ᠠ     ᠨᠢᠭᠡ ᠳᠤ᠂ ᠬᠤᠰᠢᠭᠤ ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠭᠤᠷᠪᠠᠨ ᠱᠠᠲᠤᠨ ᠤ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠡᠤᠬᠡᠨ ᠲᠥᠷᠥᠯ ᠵᠦᠢᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ︽ᠡᠷᠬᠢᠨ ᠬᠠᠷᠠᠬᠤ︾ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠮᠤ ᠰᠢᠶᠠᠩ ᠪᠠᠯᠭᠠᠰᠤ ︵ᠲᠥᠪ︶᠂ ᠬᠤᠯᠪᠣᠭᠳᠠᠯ ᠪᠥᠬᠦᠶ ᠬᠤᠰᠢᠭᠤᠨ ᠳᠤ ᠰᠠᠭᠤᠭ᠎ᠠ ᠪᠠᠶᠢᠭᠤᠯᠭ᠎ᠠ ᠨᠢᠭᠡᠴᠢ ᠪᠥᠬᠦ ᠲᠠᠯ᠎ᠠ ᠪᠠᠷ ᠨᠡᠶᠢᠳᠡᠮ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠢᠰᠲ᠋ᠧᠮ ᠲᠠᠢ ᠵᠠᠳᠠᠯᠵᠤ᠂ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠥᠭᠡᠷᠡᠴᠢᠯᠡᠨ ᠰᠠᠶᠢᠵᠢᠷᠠᠭᠤᠯᠬᠤ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠤᠨ᠎ᠠ᠃    ᠬᠤᠶᠠᠷ ᠲᠤ᠂ ᠵᠢᠭᠠᠨ ᠵᠢᠯᠣᠭᠤᠳᠴᠤ ᠪᠣᠯᠪᠠᠰᠤᠷᠠᠭᠤᠯᠬᠤ ᠪᠠ ᠵᠢᠱᠢᠶ᠎ᠡ ᠦᠵᠡᠭᠦᠯᠵᠦ ᠲᠠᠶᠢᠴᠢᠯᠠᠨ ᠵᠢᠯᠣᠭᠤᠳᠬᠤ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠣᠯᠠᠨ ᠲᠦᠮᠡᠨ ᠤ ᠬᠡᠷᠡᠭᠯᠡᠵᠦ ᠴᠢᠳᠠᠬᠤ ᠥᠬᠡᠶ᠂ ᠬᠡᠷᠡᠭᠯᠡᠬᠦ ᠰᠠᠨᠠᠭ᠎ᠠ ᠥᠬᠡᠶ᠂ ᠭᠠᠴᠠᠭ᠎ᠠ ᠲᠣᠰᠬᠤᠨ ᠤ ᠬᠠᠮᠢᠶᠠᠷᠤᠯᠲᠠ ᠬᠠᠮᠠᠭᠠᠯᠠᠯᠲᠠ ᠨᠢ ᠬᠦᠷᠦᠯᠴᠡᠬᠦ ᠥᠬᠡᠶ ᠵᠡᠷᠭᠡ ᠡᠯ᠎ᠡ ᠭᠠᠵᠠᠷ ᠤᠨ ᠲᠥᠷᠥᠯ ᠵᠦᠢᠯ ᠤᠨ ᠬᠡᠷᠡᠭᠯᠡᠯᠲᠡ᠂ ᠬᠠᠮᠢᠶᠠᠷᠤᠯᠲᠠ ᠬᠠᠮᠠᠭᠠᠯᠠᠯᠲᠠ ᠵᠡᠷᠭᠡ ᠲᠠᠯ᠎ᠠ ᠪᠠᠷ ᠢᠯᠡᠷᠡᠭᠰᠡᠨ ᠠᠰᠠᠭᠤᠳᠠᠯ ᠳᠤ ᠭᠤᠤᠯᠳᠠᠯᠭ᠎ᠠ ᠲᠠᠢ ᠴᠢᠭᠯᠡᠭᠦᠯᠵᠦ᠂ ᠲᠥᠷᠥᠯ ᠵᠦᠢᠯ ᠳᠠᠷᠠᠭᠠᠯᠠᠨ ᠬᠡᠰᠡᠭ ᠭᠠᠵᠠᠷ ᠣᠷᠣᠨ ᠳᠠᠷᠠᠭᠠᠯᠠᠨ ᠪᠣᠯᠪᠠᠰᠤᠷᠠᠯ ᠪᠠ ᠵᠢᠯᠣᠭᠤᠳᠣᠯᠭ᠎ᠠ ᠥᠷᠨᠢᠭᠦᠯᠬᠦ ᠶᠢᠨ ᠬᠠᠮᠲᠤ᠂ ᠡᠮᠦᠨ᠎ᠡ ᠬᠡᠰᠡᠭ ᠤᠨ ᠬᠤᠷᠰᠢᠶ᠎ᠠ ᠪᠠᠷ ᠳᠠᠮᠵᠢᠭᠤᠯᠤᠨ ᠬᠤᠶᠢᠲᠤ ᠬᠡᠰᠡᠭ ᠤᠨ ᠭᠠᠵᠠᠷ ᠣᠷᠣᠨ ᠳᠤ ᠬᠦᠷᠴᠦ ᠭᠠᠵᠠᠷ ᠰᠢᠷᠣᠶ  ᠶᠢᠨ ᠦᠮᠴᠢᠯᠡᠯ  ᠤᠨ ᠡᠷᠭᠡ ᠶᠢ ᠰᠢᠯᠵᠢᠭᠦᠯᠵᠤ᠂ ᠬᠡᠪᠴᠢᠶᠡᠵᠢᠭᠦᠯᠦᠨ ᠡᠵᠡᠩᠨᠡᠬᠦ᠂ ᠬᠡᠪᠴᠢᠶᠡᠵᠢᠭᠦᠯᠦᠨ ᠬᠠᠮᠢᠶᠠᠷᠬᠤ ᠵᠡᠷᠭᠡ ᠠᠷᠭ᠎ᠠ ᠪᠠᠷ ᠵᠢᠱᠢᠶ᠎ᠡ ᠦᠵᠡᠭᠦᠯᠦᠨ ᠲᠠᠶᠢᠴᠢᠯᠠᠨ ᠵᠢᠯᠣᠭᠤᠳᠬᠤ ᠶᠢ ᠥᠷᠨᠢᠭᠦᠯᠵᠦ᠂ ᠲᠥᠷᠥᠯ ᠵᠦᠢᠯ ᠤᠨ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠤᠨ᠎ᠠ᠃    ᠬᠤᠶᠠᠷ᠂ ᠴᠠᠭ ᠬᠤᠭᠤᠴᠠᠭᠠᠨ ᠤ ᠲᠣᠬᠢᠷᠠᠭᠤᠯᠤᠯᠲᠠ   ︵ᠨᠢᠭᠡ  ︶ ᠵᠢᠭᠰᠠᠭᠠᠨ ᠪᠠᠶᠢᠴᠠᠭᠠᠬᠤ ᠱᠠᠲᠤ ᠦᠶ᠎ᠡ ︵6 ᠳ᠋ᠤᠭᠠᠷ ᠰᠠᠷ᠎ᠠ ᠶᠢᠨ 15 ᠤ ᠡᠳᠦᠷ ᠪᠤᠯᠬᠤ ᠠᠴᠠ ᠡᠮᠦᠨ᠎ᠡ︶ ᠡᠯ᠎ᠡ ᠰᠣᠮᠣ ᠰᠢᠶᠠᠩ ᠪᠠᠯᠭᠠᠰᠤ︶  ᠃ ᠬᠤᠰᠢᠭᠤᠨ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠮᠠᠰᠢᠨ ᠴᠠᠬᠢᠯᠭᠠᠨ ᠬᠤᠳᠳᠤᠭ ᠪᠦᠷᠢ ᠶᠢᠨ ᠣᠳᠣᠬᠢ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠤ ᠦᠵᠡᠨ᠎ᠡ᠃    ︵ᠬᠤᠶᠠᠷ  ︶ ᠴᠡᠭᠴᠡᠯᠡᠨ ᠰᠠᠶᠢᠵᠢᠷᠠᠭᠤᠯᠬᠤ ᠱᠠᠲᠤ ᠦᠶ᠎ᠡ ︵7 ᠳ᠋ᠤᠭᠠᠷ ᠰᠠᠷ᠎ᠠ ᠶᠢᠨ 31 ᠤ ᠡᠳᠦᠷ ᠪᠤᠯᠬᠤ ᠠᠴᠠ ᠡᠮᠦᠨ᠎ᠡ︶᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠦᠷᠦᠭᠦᠯᠡᠨ᠂ ᠡᠯ᠎ᠡ ᠰᠤᠮᠤ ᠰᠢᠶᠠᠩ ᠪᠠᠯᠭᠠᠰᠤ ︵ᠲᠥᠪ︶︶ ᠬᠤᠰᠢᠭᠤᠨ ᠳᠤ ᠰᠠᠭᠤᠭ᠎ᠠ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠰᠣᠯᠪᠢᠴᠠᠨ ᠬᠠᠷᠢᠯᠴᠠᠨ ᠪᠠᠶᠢᠴᠠᠭᠠᠵᠤ᠂ ᠠᠰᠠᠭᠤᠳᠠᠯ ᠤᠨ ᠪᠣᠶ ᠪᠣᠯᠤᠭᠰᠠᠨ ᠰᠢᠯᠲᠠᠭᠠᠨ ᠢ ᠵᠠᠳᠠᠯᠤᠨ ᠳ᠋ᠦᠩᠨᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠮᠠᠶ᠋ᠢᠭ ᠢ ᠲᠣᠳᠣᠷᠬᠠᠶᠢᠯᠠᠨ᠂ 10 ᠰᠠᠷ᠎ᠠ ᠶᠢᠨ ᠰᠡᠭᠦᠯᠴᠢ ᠪᠣᠯᠲᠠᠯ᠎ᠠ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ ᠳᠡᠶᠢᠯᠬᠦ ᠦᠭᠡᠢ ᠪᠣᠯ ᠥᠭᠡᠷᠡᠴᠢᠯᠡᠨ ᠳᠡᠭᠡᠭᠰᠢᠯᠡᠭᠦᠯᠬᠦ ᠣᠨ ᠤ ᠲᠥᠯᠥᠪᠯᠡᠭᠡ ᠳᠤ ᠣᠷᠣᠭᠤᠯᠵᠤ᠂ ᠲᠥᠷᠥᠯ ᠬᠤᠪᠢᠶᠠᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃     ᠮᠠᠨ ᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢᠭᠡᠨᠲᠡ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠭᠤᠯᠭ᠎ᠠ ᠳᠤ ᠵᠢᠭᠰᠠᠭᠠᠨ ᠣᠷᠣᠭᠤᠯᠵᠤ᠂ ᠡᠯ᠎ᠡ ᠰᠤᠮᠤ ᠰᠢᠶᠠᠩ ᠪᠠᠯᠭᠠᠰᠤ ︵ᠲᠥᠪ︶᠂ ᠬᠠᠮᠢᠶ᠎ᠠ ᠪᠥᠬᠦᠶ ᠬᠤᠰᠢᠭᠤᠨ ᠳᠤ ᠰᠠᠭᠤᠭ᠎ᠠ ᠪᠠᠶᠢᠭᠤᠯᠭ᠎ᠠ ᠨᠢᠭᠡᠴᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠷᠢᠨ ᠨᠢᠮᠪᠠᠶ ᠪᠠᠶᠢᠷᠢᠯᠠᠭᠤᠯᠵᠤ᠂ ᠨᠠᠷᠢᠨ ᠬᠢᠨᠠᠮᠠᠭᠠᠶ ᠡᠮᠬᠢᠯᠡᠵᠦ᠂ ᠤᠳᠠᠭ᠎ᠠ ᠪᠦᠷᠢ ᠶᠢᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠲᠠᠢ ᠬᠠᠷᠢᠴᠠᠭᠤᠯᠤᠨ᠂ ᠦᠯᠡᠳᠡᠭᠳᠡᠯ ᠠᠰᠠᠭᠤᠳᠠᠯ ᠢ ᠴᠡᠭᠴᠡᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃    
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号