ᠪᠦᠬᠦ ᠤᠷᠤᠨ ᠤ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2024/6/27
    ᠤᠶᠢᠷ᠎ᠠ ᠶᠢᠨ ᠡᠳᠦᠷ᠂ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠠᠯᠪᠠᠨ ᠬᠡᠷ ᠤᠨ 2024 ᠤᠨ ᠤ ᠬᠡᠷ ᠪᠦᠯᠢ ᠶᠢᠨ ᠡᠮᠴᠢ ᠲᠠᠢ ᠵᠦᠪᠯᠡᠯᠴᠡᠭᠡᠷ ᠲᠤᠬᠳᠠᠬᠤ ᠦᠢᠯᠡᠴᠢᠯᠡᠬᠡᠨ ᠤ ᠠᠵᠢᠯ ᠤᠨ ᠲᠦᠰᠦᠪ ᠢ ᠲᠠᠷᠦᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠪᠠᠭᠤᠯᠭᠠᠬᠰᠠᠨ ᠪᠦᠭᠡᠳ ᠪᠦᠬᠦ ᠤᠷᠤᠨ ᠤ ᠡᠯ᠎ᠡ ᠠᠶᠢᠮᠠᠭ ᠬᠤᠳᠠ ᠠᠴᠠ ᠲᠤᠪᠤᠶᠢᠮ᠎ᠠ ᠴᠢᠳᠠᠪᠦᠷᠢ ᠲᠠᠢ᠂ ᠦᠢᠯᠡᠴᠢᠯᠡᠭᠡ ᠰᠢᠯᠢᠳᠡᠭ᠂ ᠤᠯᠠᠨ ᠲᠦᠮᠡᠨ ᠳᠤ ᠮᠡᠳᠡᠷᠡᠭᠳᠡᠭᠰᠡᠨ 2023 ᠤᠨ ᠤ ᠰᠢᠯᠢᠳᠡᠭ ᠬᠡᠷ ᠪᠦᠯᠢ ᠶᠢᠨ ᠡᠮᠴᠢ ᠶᠢᠨ ᠪᠦᠯᠬᠦᠮ ᠪᠠ ᠬᠡᠷ ᠪᠦᠯᠢ ᠶᠢᠨ ᠡᠮᠴᠢ ᠶᠢ ᠰᠤᠩᠭᠤᠨ ᠭᠠᠷᠭᠠᠵᠠᠢ᠃ ᠡᠬᠦᠨ ᠳᠤ᠂ ᠵᠠᠯᠠᠶᠢᠳ ᠬᠤᠰᠢᠭᠤᠨ ᠤ 1 ᠰᠢᠯᠢᠳᠡᠭ ᠬᠡᠷ ᠪᠦᠯᠢ ᠶᠢᠨ ᠡᠮᠴᠢ ᠶᠢᠨ ᠪᠦᠯᠬᠦᠮ ᠲᠤᠰ ᠢᠷᠠᠭᠤ ᠠᠯᠳᠠᠷ ᠢ ᠬᠦᠷᠳᠡᠵᠡᠢ᠃     ᠵᠠᠯᠠᠶᠢᠳ ᠬᠤᠰᠢᠭᠤᠨ ᠤ ᠡᠯ  ᠯᠦᠩ ᠱᠠᠨ ᠡᠷᠡᠬᠦᠯ ᠬᠠᠮᠠᠭᠠᠯᠠᠯ ᠤᠨ ᠬᠤᠷᠢᠶ᠎ᠠ ᠶᠢᠨ  ᠾᠧ ᠫᠢᠩ ᠬᠡᠷ ᠪᠦᠯᠢ ᠶᠢᠨ ᠡᠮᠴᠢ ᠶᠢᠨ ᠵᠦᠪᠯᠡᠯᠴᠡᠭᠡᠷ ᠲᠤᠬᠳᠠᠬᠤ ᠦᠢᠯᠡᠴᠢᠯᠡᠬᠡᠨ ᠤ ᠪᠦᠯᠬᠦᠮ ︽ᠰᠢᠯᠢᠳᠡᠭ ᠬᠡᠷ ᠪᠦᠯᠢ ᠶᠢᠨ ᠡᠮᠴᠢ ᠶᠢᠨ ᠪᠦᠯᠬᠦᠮ︾ ᠤᠨ ᠢᠷᠠᠭᠤ ᠠᠯᠳᠠᠷ ᠢ ᠬᠦᠷᠳᠡᠵᠡᠢ᠃ ᠲᠤᠰ ᠪᠦᠯᠬᠦᠮ ᠤᠷᠳᠤ ᠬᠤᠭᠤᠴᠠᠭ᠎ᠠ ᠪᠠᠷ ᠦᠨᠳᠦᠰᠦᠨ ᠱᠠᠳᠦᠨ ᠤ ᠤᠯᠠᠨ ᠲᠦᠮᠡᠨ ᠳᠤ ᠡᠮᠴᠢᠯᠡᠬᠡᠨ ᠤ ᠴᠢᠨᠠᠷ ᠰᠠᠶᠢᠳᠠᠢ ᠦᠢᠯᠡᠴᠢᠯᠡᠭᠡ ᠬᠠᠨᠭ᠍ᠭᠠᠬᠤ ᠪᠠᠷ ᠴᠢᠷᠮᠠᠶᠢᠵᠦ᠂ ᠵᠦᠪᠯᠡᠯᠴᠡᠭᠡᠷ ᠲᠤᠬᠳᠠᠬᠤ ᠦᠢᠯᠡᠴᠢᠯᠡᠭᠡ ᠦᠷᠨᠢᠬᠦᠯᠬᠦ ᠪᠠᠷ ᠲᠠᠮᠵᠢᠭᠤᠯᠤᠨ᠂ ᠲᠤᠰᠬᠤᠨ ᠤ ᠠᠷᠠᠳ ᠲᠤ ᠲᠦᠬᠦᠮ ᠡᠷᠡᠬᠦᠯ ᠬᠠᠮᠠᠭᠠᠯᠠᠯ ᠤᠨ ᠬᠠᠮᠢᠶᠠᠷᠦᠯᠳᠠ ᠬᠠᠨᠭ᠍ᠭᠠᠵᠠᠢ᠃ ᠲᠤᠰ ᠤᠳᠠᠭᠠᠨ ᠤ ᠱᠠᠩᠨᠠᠯ ᠨᠢ ᠲᠡᠳᠡᠨ ᠤ ᠰᠢᠷᠭᠠᠭᠤ ᠬᠦᠳᠡᠯᠮᠦᠷᠢ ᠳᠤ ᠦᠭᠬᠦᠭᠰᠡᠨ ᠦᠨᠳᠦᠷ ᠦᠨᠡᠯᠡᠯᠳᠡ ᠪᠤᠯᠬᠤ ᠪᠦᠭᠡᠳ ᠲᠡᠳᠡᠨ ᠤ ᠦᠨᠳᠦᠰᠦᠨ ᠱᠠᠳᠦᠨ ᠤ ᠡᠮᠴᠢᠯᠡᠬᠡᠨ ᠤ ᠦᠢᠯᠡᠴᠢᠯᠡᠭᠡ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠲᠠᠯ᠎ᠠ ᠪᠠᠷ ᠦᠵᠡᠬᠦᠯᠦᠭᠰᠡᠨ ᠲᠤᠪᠤᠶᠢᠮ᠎ᠠ ᠵᠢᠳᠬᠦᠯ ᠢ ᠢᠯᠡᠷᠡᠬᠦᠯᠦᠭᠰᠡᠨ ᠪᠠᠶᠢᠨ᠎ᠠ᠃ ︵ᠵᠠᠩ ᠴᠤᠤ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号