ᠰᠢ ᠶᠢᠨ ᠫᠢᠩ ᠫᠤᠯᠠᠨᠳ᠋ ᠤᠨ ᠶᠡᠷᠦᠩᠬᠡᠶᠢᠯᠡᠭᠴᠢ ᠳ᠋ᠦᠳᠠ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/6/27
      ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 24 ᠤ ᠴᠠᠭᠢᠯᠭᠠᠨ ᠮᠡᠳᠡᠭᠡ 6 ᠰᠠᠷ᠎ᠠ ᠶᠢᠨ 24 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠫᠤᠯᠠᠨᠳ᠋ ᠤᠨ ᠶᠡᠷᠦᠩᠬᠡᠶᠢᠯᠡᠭᠴᠢ ᠳ᠋ᠦᠳᠠ ᠲᠠᠢ ᠬᠡᠯᠡᠯᠴᠡᠭᠡ ᠬᠢᠪᠡ᠃      ᠰᠢ ᠶᠢᠨ ᠫᠢᠩ᠂ ᠫᠤᠯᠠᠨᠳ᠋ ᠪᠣᠯ ᠰᠢᠨ᠎ᠡ ᠳᠤᠮᠳᠠᠳᠤ ᠤᠯᠤᠰ ᠢ ᠬᠠᠮᠤᠭ ᠤᠨ ᠡᠷᠲᠡ ᠮᠡᠳᠡᠷᠡᠭᠰᠡᠨ ᠤᠯᠤᠰ ᠤᠨ ᠨᠢᠭᠡ ᠪᠣᠯᠣᠨ᠎ᠠ᠂ ᠡᠨᠡ ᠵᠢᠯ ᠪᠣᠯ ᠳᠤᠮᠳᠠᠳᠤ ᠫᠤᠯᠠᠨᠳ᠋ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ᠃ 75 ᠵᠢᠯ ᠤᠨ ᠲᠤᠷᠰᠢ ᠳᠤᠮᠳᠠᠳᠤ ᠫᠤᠯᠠᠨᠳ᠋ ᠤᠨ ᠬᠠᠷᠢᠯᠴᠠᠭ᠎ᠠ ᠢᠮᠠᠭᠲᠠ ᠲᠣᠭᠲᠠᠭᠤᠨ ᠬᠥᠭᠵᠢᠯᠲᠡ ᠪᠠᠨ ᠪᠠᠲᠤᠯᠠᠪᠠ᠃ ᠢᠯᠠᠩᠭᠤᠶ᠎ᠠ 8 ᠵᠢᠯ ᠤᠨ ᠡᠮᠦᠨ᠎ᠡ ᠪᠢᠳᠡ ᠳᠤᠮᠳᠠᠳᠤ ᠫᠤᠯᠠᠨᠳ᠋ ᠤᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠪᠠᠷ ᠲᠣᠭᠲᠠᠭᠰᠠᠨ ᠠᠴᠠ ᠨᠠᠭᠠᠰᠢ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠦᠭᠦ ᠲᠠᠯ᠎ᠠ ᠪᠠᠷ ᠥᠷᠭᠡᠵᠢᠨ ᠭᠦᠨᠵᠡᠭᠡᠶᠢᠷᠡᠵᠦ᠂ ᠬᠠᠮᠲᠤᠷᠠᠯᠴᠠᠭᠠᠨ ᠤ ᠦᠷ᠎ᠡ ᠪᠦᠲᠦᠭᠡᠯ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠪᠡ᠃ ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠶᠠᠪᠤᠭᠳᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠫᠤᠯᠠᠨᠳ᠋ ᠤᠨ ᠬᠢᠨ ᠲᠠᠢ ᠬᠠᠮᠲᠤ ᠪᠠᠷ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠷᠢᠮᠲᠠᠯᠠᠵᠤ᠂ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠷᠢᠮᠲᠠᠯᠠᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠦᠷᠭᠦᠯᠵᠢᠯᠡᠨ ᠨᠡᠩ ᠥᠨᠳᠥᠷ ᠲᠦᠪᠰᠢᠨ ᠲᠡᠶᠢᠰᠢ ᠬᠥᠭᠵᠢᠬᠦ ᠶᠢ ᠠᠬᠢᠭᠤᠯᠵᠤ᠂ ᠤᠷᠪᠠᠭᠠᠨ ᠬᠥᠷᠪᠡᠭᠡᠨ ᠲᠠᠢ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠪᠤᠷᠢᠲᠤ ᠴᠢᠨᠠᠷ ᠪᠠ ᠲᠣᠬᠲᠠᠭᠠᠯᠳᠤ ᠴᠢᠨᠠᠷ ᠨᠡᠮᠡᠷᠢᠯᠡᠨ᠎ᠡ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠳᠤᠮᠳᠠᠳᠤ ᠫᠤᠯᠠᠨᠳ᠋ ᠤᠨ ᠬᠠᠷᠢᠯᠴᠠᠭ᠎ᠠ ᠰᠠᠯᠬᠢ ᠪᠣᠷᠣᠭᠠᠨ ᠢ ᠲᠤᠭᠤᠯᠵᠤ ᠴᠢᠳᠠᠭᠰᠠᠨ ᠤ ᠵᠠᠩᠭᠢᠯᠠᠭ᠎ᠠ ᠨᠢ ᠬᠤᠶᠠᠷ ᠲᠠᠯ᠎ᠠ ᠪᠠᠷ ᠢᠶᠠᠨ ᠴᠥᠮ ᠲᠣᠰ ᠦᠨᠳᠦᠰᠦᠲᠡᠨ ᠤ ᠪᠠᠨ ᠲᠡᠦᠬᠡ ᠰᠣᠶᠣᠯ ᠤᠨ ᠤᠯᠠᠮᠵᠢᠯᠠᠯ ᠠᠴᠠ ᠪᠠᠨ ᠣᠶᠤᠨ ᠤᠬᠠᠭᠠᠨ ᠪᠠ ᠬᠦᠴᠦᠨ ᠴᠢᠳᠠᠯ ᠣᠯᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠵᠦ ᠬᠤᠶᠠᠷ ᠲᠠᠯ᠎ᠠ ᠶᠢᠨ ᠨᠥᠭᠦᠷᠰᠡᠭ ᠬᠠᠷᠢᠯᠴᠠᠭ᠎ᠠ ᠶᠢ ᠬᠥᠭᠵᠢᠭᠦᠯᠬᠦ ᠶᠢ ᠪᠠᠷᠢᠮᠲᠠᠯᠠᠭᠰᠠᠨ ᠳᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ᠂ ᠬᠠᠷᠢᠯᠴᠠᠨ ᠠᠰᠢᠭᠲᠠᠢ ᠪᠠᠷ ᠬᠠᠮᠲᠤᠷᠠᠯᠴᠠᠬᠤ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠳᠤᠮᠳᠠᠳᠤ ᠫᠤᠯᠠᠨᠳ᠋ ᠤᠨ ᠨᠥᠬᠦᠷᠯᠡᠯ ᠤᠨ ᠳᠣᠲᠣᠭᠠᠳᠤ ᠴᠥᠮ᠎ᠡ ᠶᠢ ᠦᠷᠭᠦᠯᠵᠢᠯᠡᠨ ᠪᠠᠷᠢᠮᠲᠠᠯᠠᠵᠤ᠂ ᠲᠤᠰ ᠲᠤᠰ ᠤᠨ ᠢᠶᠠᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠣᠶᠢᠯᠠᠭᠠᠯᠴᠠᠨ ᠳᠡᠮᠵᠢᠯᠴᠡᠵᠦ᠂ ᠬᠦᠢᠲᠡᠨ ᠳᠠᠶᠢᠨ ᠤ ᠰᠡᠳᠬᠢᠬᠦᠢ᠂ ᠯᠡᠭᠧᠷ ᠤᠨ ᠡᠰᠡᠷᠭᠦᠴᠡᠯᠳᠦᠯ ᠢ ᠬᠠᠮᠲᠤ ᠪᠠᠷ ᠡᠰᠡᠷᠭᠦᠴᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠳᠡ ᠪᠠ ᠲᠦᠭᠡᠮᠡᠯ ᠭᠦᠷᠳᠡᠭᠡᠮᠵᠢᠳᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠪᠠᠶᠢᠭᠤᠯᠬᠤ ᠶᠢ ᠠᠬᠢᠭᠤᠯᠤᠶ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠫᠤᠯᠠᠨᠳ᠋ ᠤᠨ ᠵᠠᠰᠠᠭ ᠤᠨ ᠣᠷᠳᠣᠨ ᠤ ᠬᠤᠭᠤᠷᠣᠨᠳᠣᠭᠢ ᠬᠠᠮᠲᠤᠷᠠᠯᠴᠠᠭᠠᠨ ᠤ ᠵᠥᠪᠯᠡᠯ ᠵᠡᠷᠭᠡ ᠲᠣᠭᠲᠠᠴᠠ ᠶᠢᠨ ᠲᠠᠪᠴᠠᠩ ᠢ ᠰᠠᠶᠢᠲᠤᠷ ᠠᠰᠢᠭᠯᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠪᠠᠶᠢᠯᠳᠤᠬᠤ ᠪᠣᠳᠣᠯᠭ᠎ᠠ ᠶᠢᠨ ᠵᠣᠬᠢᠴᠠᠭᠤᠯᠭ᠎ᠠ ᠪᠠ ᠨᠢᠭᠡᠳᠦᠯᠲᠡᠢ ᠲᠥᠯᠦᠪᠵᠢᠭᠦᠯᠭᠡ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠵᠡᠷᠭᠡ ᠴᠢᠬᠤᠯᠠ ᠶᠡᠭᠡ ᠲᠥᠷᠥᠯ ᠵᠦᠢᠯ ᠤᠨ ᠬᠠᠮᠲᠤᠷᠠᠯᠴᠠᠭ᠎ᠠ ᠶᠢ ᠪᠠᠲᠤᠯᠠᠨ ᠠᠬᠢᠭᠤᠯᠵᠤ᠂ ᠠᠷᠠᠯᠵᠢᠶ᠎ᠠ᠂ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠦᠢᠯᠡᠰ᠂ ᠴᠡᠪᠡᠷ ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠶ᠎ᠠ᠃ ᠫᠤᠯᠠᠨᠳ᠋ ᠤᠨ ᠨᠠᠩ ᠣᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢᠳᠡᠭᠡᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠳᠤᠮᠳᠠᠳᠤ ᠤᠯᠤᠰ ᠪᠠᠶᠠᠷᠯᠠᠨ ᠤᠭᠲᠤᠵᠤ ᠪᠠᠶᠢᠨ᠎ᠠ᠂ ᠬᠤᠣᠰ ᠴᠢᠭᠯᠡᠯᠲᠦ ᠪᠡᠯᠡ ᠣᠷᠣᠭᠤᠯᠤᠯᠲᠠ ᠶᠢ ᠥᠷᠭᠡᠳᠬᠡᠬᠦ ᠶᠢ ᠳᠡᠮᠵᠢᠨ᠎ᠡ᠃ ᠫᠤᠯᠠᠨᠳ᠋ ᠤᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ᠂ ᠲᠥᠪ ᠭᠤᠤᠯᠴᠢ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠫᠤᠯᠠᠨᠳ᠋ ᠤᠨ ᠠᠷᠠᠳ ᠢᠷᠭᠡᠨ ᠳᠤ 15 ᠡᠳᠦᠷ ᠤᠨ ᠭᠠᠭᠴᠠ ᠲᠠᠯ᠎ᠠ ᠶᠢᠨ ᠸᠢᠰᠠᠯᠡᠭᠦ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠲᠣᠭᠲᠠᠪᠠ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠰᠣᠶᠣᠯ᠂ ᠵᠠᠯᠠᠭᠤᠴᠤᠳ᠂ ᠡᠷᠳᠡᠮ ᠰᠢᠨᠵᠢᠯᠡᠭᠡᠨ᠂ ᠵᠠᠭᠤᠴᠢᠯᠠᠭᠤᠷ ᠵᠡᠷᠭᠡ ᠬᠦᠷᠢᠶᠡᠨ ᠳᠠᠬᠢ ᠰᠣᠯᠢᠯᠴᠠᠭ᠎ᠠ ᠪᠠᠨ ᠶᠡᠭᠡ ᠪᠠᠷ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠫᠤᠯᠠᠨᠳ᠋ ᠵᠡᠷᠭᠡ ᠤᠯᠤᠰ ᠲᠠᠢ ᠬᠠᠮᠲᠤ ᠪᠠᠷ ᠳᠤᠮᠳᠠᠳᠤ ᠤᠯᠤᠰ — ᠳᠤᠮᠳᠠ ᠵᠡᠭᠦᠨ ᠡᠸᠦ᠋ᠷᠦᠫᠡ ᠶᠢᠨ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ ᠭᠡᠵᠦ ᠴᠢᠬᠤᠯᠠᠴᠢᠯᠠᠵᠠᠢ᠃      ᠳ᠋ᠦᠳᠠ᠂ ᠪᠢ 2015 ᠣᠨ ᠳᠤ ᠳᠤᠮᠳᠠᠳᠤ ᠤᠯᠤᠰ ᠲᠤ ᠠᠩᠬ᠎ᠠ ᠤᠳᠠᠭ᠎ᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠪᠠ 2022 ᠣᠨ ᠤ ᠡᠬᠢ ᠪᠠᠷ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠢᠶᠠᠨ ᠲᠣᠪ ᠲᠣᠳᠣᠷᠬᠠᠢ ᠴᠡᠭᠡᠵᠢᠯᠡᠵᠦ ᠪᠠᠶᠢᠨ᠎ᠠ᠂ ᠡᠨᠡ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠲᠠ ᠪᠠᠷ ᠳᠤᠮᠳᠠᠳᠤ ᠤᠯᠤᠰ ᠤᠨ ᠬᠥᠭᠵᠢᠯᠲᠡ ᠶᠢᠨ ᠯᠤᠲᠤ ᠶᠡᠭᠡ ᠠᠮᠢᠵᠢᠷᠠᠯ ᠤᠨ ᠬᠦᠴᠦᠨ ᠢ ᠴᠢᠨᠠᠭᠰᠢᠳᠠ ᠣᠯᠵᠤ ᠬᠠᠷᠠᠵᠠᠢ᠃ ᠲᠤᠮᠳᠠᠳᠤ ᠤᠯᠤᠰ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠣᠭᠰᠠᠨ ᠢ ᠪᠢ ᠴᠢᠩ ᠰᠡᠳᠬᠢᠯ ᠠᠴᠠ ᠪᠠᠨ ᠪᠢᠰᠢᠷᠡᠵᠦ ᠪᠠᠶᠢᠨ᠎ᠠ᠃ 2016 ᠣᠨ ᠳᠤ ᠲᠡᠷᠢᠭᠦᠯᠡᠭᠴᠢ ᠰᠢ ᠶᠢᠨ ᠫᠢᠩ ᠫᠤᠯᠠᠨᠳ᠋ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠨᠢ ᠫᠤᠯᠠᠨᠳ᠋ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠴᠢᠬᠤᠯᠠ ᠬᠥᠰᠢᠶ᠎ᠡ ᠲᠡᠮᠳᠡᠭ ᠪᠣᠯᠵᠠᠢ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠨᠢ ᠫᠤᠯᠠᠨᠳ᠋ ᠲᠤ ᠠᠪᠴᠤ ᠬᠡᠯᠡᠪᠡᠯ ᠯᠤᠲᠤ ᠶᠡᠭᠡ ᠬᠥᠭᠵᠢᠯᠲᠡ ᠶᠢᠨ ᠠᠵᠠ ᠲᠣᠭᠢᠶᠠᠯ ᠪᠠᠶᠢᠵᠤ᠂ ᠳᠤᠮᠳᠠᠳᠤ ᠤᠯᠤᠰ ᠯᠤᠭ᠎ᠠ ᠬᠠᠮᠲᠤᠷᠠᠯᠴᠠᠵᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠫᠤᠯᠠᠨᠳ᠋ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃ ᠫᠤᠯᠠᠨᠳ᠋ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠢᠮᠠᠭᠲᠠ ᠡᠷᠬᠡ ᠲᠡᠭᠰᠢ ᠪᠠ ᠬᠠᠷᠢᠯᠴᠠᠨ ᠬᠦᠨᠳᠦᠳᠬᠡᠬᠦ ᠳᠤ ᠰᠠᠭᠤᠷᠢᠯᠠᠭᠰᠠᠭᠠᠷ ᠢᠷᠡᠪᠡ᠃ ᠫᠤᠯᠠᠨᠳ᠋ ᠤᠨ ᠬᠢᠨ ᠳᠤᠮᠳᠠᠳᠤ ᠤᠯᠤᠰ ᠤᠨ ᠥᠨᠢ ᠤᠳᠠᠭᠠᠨ ᠲᠡᠦᠬᠡ ᠪᠣᠯᠣᠨ ᠭᠦᠨ ᠵᠤᠵᠠᠭᠠᠨ ᠰᠣᠶᠣᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠣᠯᠠᠨ ᠤᠯᠤᠰ ᠤᠨ ᠬᠡᠷᠡᠭ ᠶᠠᠪᠤᠳᠠᠯ ᠳᠤᠮᠳᠠ ᠪᠠᠷᠢᠮᠲᠠᠯᠠᠭᠰᠠᠭᠠᠷ ᠢᠷᠡᠭᠰᠡᠨ ᠣᠶᠢᠯᠠᠭᠠᠭᠳᠠᠬᠤᠨ ᠵᠢᠴᠢ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠥᠨᠳᠥᠷ ᠦᠨᠡᠯᠡᠵᠦ ᠪᠠᠶᠢᠨ᠎ᠠ᠃ ᠫᠤᠯᠠᠨᠳ᠋ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ ᠬᠤᠯᠪᠣᠯᠳᠤᠨ ᠨᠡᠪᠲᠡᠷᠡᠯᠴᠡᠬᠦ᠂ ᠰᠣᠶᠣᠯ ᠢᠷᠭᠡᠨᠰᠢᠯ ᠵᠡᠷᠭᠡ ᠬᠦᠷᠢᠶ᠎ᠡ ᠴᠠᠷᠠᠭ᠎ᠠ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠰᠢᠨ᠎ᠡ ᠶᠢ ᠡᠭᠦᠳᠬᠦ᠂ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠰᠢᠨ᠎ᠡ ᠬᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠳᠤᠮᠳᠠᠳᠤ ᠤᠯᠤᠰ ᠤᠨ ᠨᠠᠩ ᠣᠯᠠᠨ ᠠᠵᠤ ᠠᠬᠤᠶᠢᠯᠠᠯ ᠤᠨ ᠫᠤᠯᠠᠨᠳ᠋ ᠲᠤ ᠬᠦᠷᠴᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠃ ᠫᠤᠯᠠᠨᠳ᠋ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠫᠤᠯᠠᠨᠳ᠋ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠴᠢᠨᠠᠭᠰᠢᠳᠠ ᠬᠥᠭᠵᠢᠬᠦ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠲᠣᠭᠲᠠᠭᠤᠨ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ ᠢᠷᠡᠬᠦ ᠵᠢᠯ ᠤᠨ ᠳᠡᠭᠡᠷ᠎ᠡ ᠬᠠᠭᠠᠰ ᠵᠢᠯ ᠳᠤ ᠫᠤᠯᠠᠨᠳ᠋ ᠤᠨ ᠬᠢᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠬᠠᠷᠢᠭᠤᠴᠠᠬᠤ ᠪᠣᠯᠣᠨ᠎ᠠ᠂ ᠫᠤᠯᠠᠨᠳ᠋ ᠤᠨ ᠬᠢᠨ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠪᠥᠭᠡᠳ ᠳᠤᠮᠳᠠ ᠵᠡᠭᠦᠨ ᠡᠸᠦ᠋ᠷᠦᠫᠡ ᠶᠢᠨ ᠤᠯᠤᠰ ᠤᠳ ᠪᠣᠯᠣᠨ ᠳᠤᠮᠳᠠᠳᠤ ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠤᠨ᠎ᠠ ᠭᠡᠵᠦ ᠢᠯᠡᠳᠬᠡᠪᠡ᠃      ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠤᠯᠤᠰ ᠤᠨ ᠵᠣᠭᠰᠣᠯᠲᠠ ᠪᠣᠯ ᠡᠪᠰᠡᠬᠦ ᠶᠢ ᠢᠳᠬᠠᠵᠤ ᠬᠡᠯᠡᠯᠴᠡᠭᠡ ᠬᠢᠬᠦ ᠶᠢ ᠠᠬᠢᠭᠤᠯᠬᠤ᠂ ᠤᠯᠤᠰ ᠲᠥᠷᠥ ᠪᠠᠷ ᠰᠢᠢᠳᠪᠦᠷᠢᠯᠡᠬᠦ ᠶᠠᠪᠤᠳᠠᠯ ᠪᠣᠯᠣᠨ᠎ᠠ᠃ ᠣᠳᠣᠬᠠᠨ ᠳᠤ ᠮᠥᠷᠭᠦᠯᠳᠦᠭᠡᠨ ᠤ ᠥᠷᠭᠡᠵᠢᠨ ᠰᠢᠷᠦᠭᠦᠰᠬᠦ ᠪᠠᠶᠢᠳᠠᠯ ᠠᠴᠠ ᠴᠢᠷᠮᠠᠶᠢᠨ ᠵᠠᠶᠢᠯᠠᠰᠬᠢᠵᠦ᠂ ᠪᠠᠶᠢᠳᠠᠯ ᠢ ᠨᠠᠮᠳᠠᠭᠠᠬᠤ ᠶᠢ ᠴᠢᠷᠮᠠᠶᠢᠨ ᠠᠬᠢᠭᠤᠯᠵᠤ᠂ ᠨᠠᠶᠢᠷᠠᠮᠳᠠᠯ ᠤᠨ ᠬᠡᠯᠡᠯᠴᠡᠭᠡ ᠬᠢᠬᠦ ᠨᠥᠬᠦᠴᠡᠯ ᠢ ᠴᠢᠷᠮᠠᠶᠢᠨ ᠪᠤᠢ ᠪᠤᠯᠭᠠᠬᠤ ᠬᠡᠷᠡᠭᠲᠡᠢ᠃ ᠡᠨᠡ ᠨᠢ ᠡᠸᠦ᠋ᠷᠦᠫᠡ ᠲᠢᠪ ᠢ ᠪᠠᠭᠲᠠᠭᠠᠭᠰᠠᠨ ᠳᠡᠯᠡᠬᠡᠢ ᠨᠡᠶᠢᠲᠡ ᠶᠢᠨ ᠠᠰᠢᠭ ᠲᠤᠰᠠ ᠳᠤ ᠨᠡᠶᠢᠴᠡᠵᠦ ᠪᠠᠶᠢᠨ᠎ᠠ᠃ ᠵᠠᠷᠢᠮ ᠬᠥᠮᠥᠰ ᠤᠨ ᠳᠤᠮᠳᠠᠳᠤ ᠤᠷᠤᠰ ᠤᠨ ᠬᠡᠪ ᠤᠨ ᠠᠷᠠᠯᠵᠢᠶ᠎ᠠ ᠪᠠᠷ ᠰᠢᠯᠲᠠᠭ ᠪᠣᠯᠭᠠᠨ ᠵᠥᠷᠢᠴᠡᠯ ᠢ ᠰᠢᠯᠵᠢᠭᠦᠯᠵᠦ᠂ ᠳᠤᠮᠳᠠᠳᠤ ᠤᠯᠤᠰ ᠤᠨ ᠨᠡᠷ᠎ᠡ ᠲᠦᠷᠦ ᠳᠤ ᠬᠠᠯᠳᠠᠵᠤ ᠪᠠᠶᠢᠬᠤ ᠶᠢ ᠳᠤᠮᠳᠠᠳᠤ ᠤᠯᠤᠰ ᠡᠰᠡᠷᠭᠦᠴᠡᠨ᠎ᠡ᠃ ᠳᠤᠮᠳᠠᠳᠤ ᠤᠯᠤᠰ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠵᠣᠷᠢᠭᠵᠢᠭᠤᠯᠤᠨ ᠳᠡᠮᠵᠢᠵᠦ᠂ ᠲᠡᠩᠴᠡᠭᠦᠷᠢᠲᠡᠢ᠂ ᠪᠦᠲᠦᠮᠵᠢᠲᠡᠶ᠂ ᠦᠷᠭᠦᠯᠵᠢᠯᠡᠬᠦ ᠡᠸᠦ᠋ᠷᠦᠫᠡ ᠲᠢᠪ ᠤᠨ ᠠᠮᠤᠷ ᠲᠦᠪᠰᠢᠨ ᠤ ᠲᠥᠯᠥᠪᠰᠢᠷᠡᠯ ᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠥᠪᠡᠷ ᠤᠨ ᠠᠷᠭ᠎ᠠ ᠭᠡᠯᠪᠡᠷᠢ ᠪᠠᠷ ᠢᠶᠠᠨ ᠤᠯᠤᠰ ᠲᠦᠷᠦ ᠪᠠᠷ ᠦᠺᠷᠠᠶᠢᠨ ᠤ ᠬᠢᠮᠤᠷᠠᠯ ᠢ ᠰᠢᠢᠳᠪᠦᠷᠢᠯᠡᠬᠦ ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠴᠢᠩᠭᠠᠳᠬᠠᠪᠠ᠃      ᠬᠡᠯᠡᠯᠴᠡᠭᠡ ᠲᠡᠭᠦᠰᠦᠭᠰᠡᠨ ᠤ ᠳᠠᠷᠠᠭ᠎ᠠ ᠬᠤᠶᠠᠷ ᠤᠯᠤᠰ ᠤᠨ ᠲᠡᠷᠢᠭᠦᠨ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠬᠦᠷᠢᠶ᠎ᠡ ᠴᠠᠷᠠᠭ᠎ᠠ ᠳᠠᠬᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠤᠯᠠᠨ ᠵᠦᠢᠯ ᠤᠨ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃      ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠫᠤᠯᠠᠨᠳ᠋ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠲᠤᠬᠠᠢ ᠠᠵᠢᠯᠯᠠᠭᠠᠨ ᠤ ᠲᠥᠯᠥᠪᠯᠡᠭᠡ ︵2024 - 2027 ᠣᠨ︶︾ ᠶᠢ ᠨᠡᠶᠢᠲᠡᠯᠡᠪᠡ᠃      ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠳ᠋ᠦᠳᠠ ᠪᠣᠯᠣᠨ ᠲᠡᠭᠦᠨ ᠤ ᠬᠠᠳᠤᠨ ᠠᠵᠢᠶᠠᠲ᠋ᠠ ᠶᠢ ᠤᠭᠲᠤᠬᠤ ᠶᠣᠰᠣᠯᠠᠯ ᠶᠠᠪᠤᠭᠤᠯᠪᠠ᠃      ᠳ᠋ᠦᠳᠠ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠫᠤᠯᠠᠨᠳ᠋ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠳ᠋ᠦᠳᠠ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃      ᠲᠤᠰ ᠣᠷᠣᠢ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠳ᠋ᠦᠳᠠ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号