ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠵᠢᠴᠢ ︽ᠭᠤᠷᠪᠠᠨ ᠵᠦᠢᠯ ᠤᠨ ᠠᠵᠢᠯ︾ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/4
    6 ᠰᠠᠷ᠎ᠠ ᠶᠢᠨ 3 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠵᠢᠴᠢ ︽ᠭᠤᠷᠪᠠᠨ  ᠵᠦᠢᠯ ᠤᠨ ᠠᠵᠢᠯ︾ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠠᠬᠢᠴᠠ ᠶᠢ ᠰᠣᠨᠣᠰᠴᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ᠃     ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠦᠢᠯᠡᠴᠢᠯᠡᠭᠡᠨ ᠤ ᠬᠥᠭᠵᠢᠯᠲᠡ ᠶᠢᠨ ᠳᠤᠮᠳᠠ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠬᠢᠬᠦ ᠶᠢ ᠠᠬᠢᠭᠤᠯᠬᠤ ᠬᠡᠷᠡᠭᠲᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ︽ᠳᠠᠷᠤᠭᠠᠰᠤ ᠶᠢ ᠬᠥᠩᠭᠡᠷᠡᠭᠦᠯᠬᠦ︾ ᠨᠢ ︽ᠬᠠᠷᠢᠭᠤᠴᠠᠯᠭ᠎ᠠ ᠶᠢ ᠬᠥᠩᠭᠡᠷᠡᠭᠦᠯᠬᠦ︾ ᠪᠢᠰᠢ ᠭᠡᠳᠡᠭ ᠢ ᠰᠡᠷᠭᠡᠭ ᠢᠶᠠᠷ ᠲᠠᠨᠢᠵᠤ᠂ ︽ᠬᠥᠩᠭᠡᠷᠡᠭᠦᠯᠪᠡᠰᠦ ᠵᠣᠬᠢᠬᠤ ᠳᠠᠷᠤᠭᠠᠰᠤ︾ ᠪᠣᠯᠤᠨ ︽ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ︾ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠭᠡᠯ ᠢ ᠤᠯᠠᠨ ᠲᠦᠮᠡᠨ ᠳᠤ ᠦᠢᠯᠡᠴᠢᠯᠡᠬᠦ ᠢᠳᠡᠪᠬᠢᠵᠢᠯ ᠪᠣᠯᠭᠠᠨ ᠬᠤᠪᠢᠷᠠᠭᠤᠯᠬᠤ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠬᠤ ᠶᠢ ᠪᠠᠷᠢᠮᠲᠠᠯᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠯᠠᠪᠳᠠᠭᠤᠨ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ᠂ ᠡᠮ ᠡᠮᠨᠡᠯᠭᠡ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ᠂ ᠤᠯᠠᠨ ᠲᠦᠮᠡᠨ ᠳᠤ ᠢᠳᠡᠪᠬᠢᠲᠡᠢ ᠪᠠᠷ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ ᠃ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠢᠮᠠᠭᠲᠠ ᠲᠤᠭᠤᠰᠢᠯᠠᠭᠤᠯᠵᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠭᠠᠭᠤᠯᠢᠯᠠᠯ ᠢᠶᠠᠷ ᠰᠤᠷᠤᠯᠴᠠᠯᠭ᠎ᠠ ᠶᠢ ᠲᠡᠳᠬᠦᠬᠦ ᠶᠢ ᠪᠠᠷᠢᠮᠲᠠᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠮᠡᠳᠡᠭᠳᠡᠵᠦ᠂ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠷᠭᠦᠯᠵᠢᠯᠡᠨ ᠮᠥᠷᠳᠡᠵᠦ ᠦᠷ᠎ᠡ ᠪᠦᠲᠦᠮᠵᠢ ᠶᠢ ᠨᠢ ᠠᠰᠠᠭᠤᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠳᠦ ᠪᠣᠶ ᠪᠣᠯᠭᠠᠵᠤ᠂ ᠡᠨᠡ ᠭᠤᠷᠪᠠᠨ ᠵᠦᠢᠯ ᠤᠨ ᠠᠵᠢᠯ ᠲᠠᠢ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠵᠣᠷᠢᠯᠲᠠ ᠶᠢᠨ ᠤᠬᠠᠮᠰᠠᠷ ᠪᠠ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠬᠤᠰᠢᠭᠤᠨ ᠤ ᠡᠯ᠎ᠡ  ᠵᠦᠢᠯ ᠤᠨ ᠠᠵᠢᠯ ᠳᠤ ᠨᠠᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃     ᠬᠤᠷᠠᠯ ᠠᠴᠠ ᠪᠠᠰᠠ ᠪᠦᠭᠦ ᠬᠤᠰᠢᠭᠤᠨ ᠤ ᠡᠩ ᠤᠨ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠳᠠ᠂ ᠥᠨᠳᠥᠷ ᠵᠡᠷᠭᠡ ᠶᠢᠨ ᠲᠤᠮᠳᠠᠳᠦ ᠰᠤᠷᠭᠠᠭᠤᠯᠢ ᠳᠤ ᠰᠣᠷᠤᠭᠴᠢ ᠡᠯᠰᠡᠬᠦ ᠰᠢᠯᠭᠠᠯᠲᠠ ᠶᠢᠨ ᠠᠵᠢᠯ ᠢ ᠪᠠᠶᠢᠷᠢᠯᠠᠭᠤᠯᠵᠠᠶ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号