ᠵᠠᠯᠠᠶᠢᠳ ᠬᠤᠰᠢᠭᠤᠨ ᠤ ᠠᠮᠢ ᠠᠬᠤᠢ ᠤᠷᠴᠢᠨ ᠳᠤᠭᠤᠷᠢᠨ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠶᠡᠭᠡ ᠠᠩᠬᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠳᠤ ᠪᠠᠳᠤᠯᠠᠭ᠎ᠠ ᠬᠠᠨᠭ᠍ᠭᠠᠵᠤ ᠪᠠᠶᠢᠨ᠎ᠠ
ᠨᠡᠶᠢᠲᠡᠯᠡᠭᠰᠡᠨ ᠴᠠᠭ᠄
2024/6/4
     ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠠᠮᠤᠷ ᠲᠦᠪᠰᠢᠨ ᠡᠮᠬᠢ ᠲᠢᠭᠯᠢᠮ ᠲᠠᠢ ᠰᠤᠷᠤᠯᠴᠠᠯᠭ᠎ᠠ ᠶᠢᠨ ᠤᠷᠴᠢᠨ ᠬᠠᠨᠭ᠍ᠭᠠᠬᠤ ᠪᠠᠷ᠂ ᠤᠶᠢᠷ᠎ᠠ ᠶᠢᠨ ᠡᠳᠦᠷ ᠤᠳ ᠲᠤ ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠠᠮᠢ ᠠᠬᠤᠢ ᠤᠷᠴᠢᠨ ᠳᠤᠭᠤᠷᠢᠨ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠶᠡᠭᠡ ᠠᠩᠬᠢ ᠶᠢᠨ ᠬᠢᠨ ᠬᠤᠰᠢᠭᠤᠨ ᠤ ᠢᠳᠡᠭᠡᠨ ᠡᠮ ᠤᠨ ᠵᠦᠢᠯᠡᠰ ᠤᠨ ᠠᠯᠪᠠᠨ ᠭᠡᠷ᠂ ᠰᠤᠷᠭᠠᠨ ᠬᠦᠮᠦᠵᠢᠯ ᠤᠨ ᠳᠤᠪᠴᠢᠶ᠎ᠠ᠂ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ᠂ ᠵᠠᠬ᠎ᠠ ᠳᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠳᠤᠪᠴᠢᠶ᠎ᠠ ᠲᠠᠢ ᠬᠤᠯᠪᠤᠭᠠᠯᠠᠨ ᠬᠠᠷᠢᠶᠠᠳᠦ ᠤᠷᠤᠨ ᠤ ᠪᠠᠨ ᠰᠤᠷᠭᠠᠭᠤᠯᠢ ᠪᠠᠷ ᠬᠦᠨᠵᠡᠭᠡᠶᠢᠷᠡᠨ ᠢᠳᠡᠭᠡᠨ ᠤᠮᠳᠠᠭᠠᠨ ᠤ ᠠᠮᠤᠷ ᠲᠦᠪᠰᠢᠨ ᠤ ᠪᠠᠶᠢᠴᠠᠭᠠᠯᠳᠠ ᠶᠢᠨ ᠠᠵᠢᠯᠯᠠᠭ᠎ᠠ ᠦᠷᠨᠢᠬᠦᠯᠪᠡ᠃      ︽ᠬᠤᠭᠤᠯᠠᠨ ᠭᠡᠷ ᠤᠨ ᠢᠶᠠᠨ ᠢᠳᠡᠭᠡᠨ ᠤᠮᠳᠠᠭᠠᠨ ᠤᠷᠤᠭᠤᠯᠤᠬᠰᠠᠨ ᠳᠡᠮᠳᠡᠭᠯᠡᠯ ᠢᠶᠠᠨ ᠭᠠᠷᠭᠠᠭᠠᠷᠠᠢ︕︾ ᠭᠡᠵᠦ ᠠᠷᠠᠳ ᠤᠨ ᠴᠠᠭᠳᠠᠭ᠎ᠠ ᠵᠠᠯᠠᠶᠢᠳ ᠬᠤᠰᠢᠭᠤᠨ ᠤ ᠢᠨᠳᠡᠷ ᠲᠦᠷᠪᠡᠳᠦᠭᠡᠷ ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ ᠤᠨ ᠬᠠᠮᠢᠶᠠᠷᠤᠯᠳᠠᠨ ᠠᠴᠠ ᠳᠡᠮᠳᠡᠭᠯᠡᠯ ᠠᠪᠴᠦ᠂ ᠪᠠᠷᠠᠭᠠᠨ ᠤ ᠢᠷᠡᠯᠳᠠ ᠶᠢᠨ ᠪᠠᠶᠢᠳᠡᠯ ᠢ ᠪᠠᠶᠢᠴᠠᠭᠠᠬᠤ ᠶᠢᠨ ᠬᠠᠮᠳᠦ ᠬᠦᠮᠦᠷᠭᠡ ᠳᠠᠬᠢ ᠭᠤᠯᠢᠷ᠂ ᠳᠤᠰᠦ ᠵᠡᠷᠭᠡ ᠶᠢᠨ ᠬᠠᠳᠠᠭᠠᠯᠠᠯᠳᠠ ᠶᠢᠨ ᠪᠠᠶᠢᠳᠠᠯ᠂ ᠡᠳᠦᠷ ᠬᠤᠭᠤᠴᠠᠭ᠎ᠠ ᠶᠢ ᠬᠢᠨᠠᠮᠠᠭᠠᠢ ᠪᠠᠶᠢᠴᠠᠭᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠪᠠᠶᠢᠴᠠᠭᠠᠯᠳᠠ ᠶᠢᠨ ᠠᠵᠢᠯᠳᠡᠨ ᠠᠴᠠ ᠪᠠᠰᠠ ᠡᠳ᠋ ᠪᠠᠷᠠᠭ᠎ᠠ ᠶᠢ ᠬᠠᠳᠠᠭᠠᠯᠠᠬᠤ᠂ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠤᠯᠢ᠂ ᠠᠷᠢᠭᠤᠨ ᠴᠡᠪᠡᠷ ᠤᠨ ᠪᠠᠶᠢᠳᠠᠯ᠂ ᠬᠤᠭᠤᠯᠠᠨ ᠭᠡᠷ ᠤᠨ ᠠᠵᠢᠯᠳᠡᠳ ᠤᠨ ᠡᠷᠡᠬᠦᠯ ᠴᠢᠬᠢᠷᠠᠬ ᠤᠨ ᠦᠨᠡᠮᠯᠡᠯ ᠵᠡᠷᠭᠡ ᠬᠠᠮᠢᠶ᠎ᠠ ᠪᠦᠬᠦᠢ ᠪᠠᠶᠢᠳᠠᠯ ᠳᠤ ᠪᠠᠶᠢᠴᠠᠭᠠᠯᠳᠠ ᠬᠢᠵᠦ᠂ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠴᠢᠩᠭ᠎ᠠ ᠱᠠᠭᠠᠷᠳᠠᠪᠠ᠃      ᠳᠠᠷᠠᠭᠠᠴᠢ ᠪᠠᠷ᠂ ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠠᠮᠢ ᠠᠬᠤᠢ ᠤᠷᠴᠢᠨ ᠳᠤᠭᠤᠷᠢᠨ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠶᠡᠭᠡ ᠠᠩᠬᠢ ᠶᠢᠨ ᠬᠢᠨ ᠦᠷᠬᠦᠯᠵᠢᠯᠡᠨ ᠰᠤᠷᠭᠠᠭᠤᠯᠢ ᠶᠢᠨ ᠬᠦᠷᠢᠶᠡᠨ ᠳᠠᠬᠢ ᠢᠳᠡᠭᠡᠨ ᠤᠮᠳᠠᠭᠠᠨ ᠤ ᠠᠮᠤᠷ ᠲᠦᠪᠰᠢᠨ ᠳᠤ ᠬᠢᠨᠠᠯᠳᠠ ᠳᠠᠯᠪᠢᠵᠦ᠂ ᠳᠤᠬᠳᠠᠭᠰᠠᠨ ᠬᠤᠭᠤᠴᠠᠭ᠎ᠠ ᠲᠠᠢ ᠪᠠᠷ ᠬᠠᠷᠢᠶᠠᠳᠦ ᠤᠷᠤᠨ ᠤ ᠪᠠᠨ ᠭᠡᠤᠭᠡᠳ ᠤᠨ ᠴᠡᠴᠡᠷᠯᠢᠭ ᠪᠠᠭ᠎ᠠ ᠳᠤᠮᠳᠠᠳᠤ ᠰᠤᠷᠭᠠᠭᠤᠯᠢ ᠳᠤ ᠪᠠᠶᠢᠴᠠᠭᠠᠯᠳᠠ ᠬᠢᠵᠦ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠪᠤᠯᠤᠨ᠎ᠠ᠃                                         ︵ᠾᠧ ᠯᠢ ᠶᠢᠩ︶
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号