ᠵᠠᠯᠠᠶᠢᠳ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠵᠢᠴᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/5
    6 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2024 ᠣᠨ ᠤ ᠠᠷᠪᠠᠨ ᠨᠠᠢᠮᠠᠳᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠬᠤᠷᠠᠯᠳᠤᠭᠤᠯᠵᠠᠢ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ  ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠶ ᠤᠶᠢᠯᠠᠭᠠᠨ᠂ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠬᠤᠰᠢᠭᠤᠨ ᠤ  ᠪᠤᠳᠠᠳᠦ ᠪᠠᠶᠢᠳᠠᠯ ᠲᠠᠢ ᠪᠠᠨ ᠤᠶᠠᠯᠳᠤᠭᠤᠯᠤᠨ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠯᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠵᠦ᠂ ᠴᠠᠭ ᠲᠤᠬᠠᠶ ᠳᠤᠨᠢ ᠨᠡᠪᠲᠡᠷᠡᠯᠴᠡᠨ ᠵᠣᠯᠭᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠵᠤ ᠠᠬᠤᠶᠢᠯᠠᠯ ᠪᠣᠯᠤᠨ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ᠂ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠤᠶᠢᠪᠢᠰᠢ ᠦᠭᠡᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠵᠢᠭᠤᠯᠴᠢᠯᠠᠯ ᠤᠨ ᠠᠵᠤ ᠦᠢᠯᠡᠰ ᠪᠣᠯᠤᠨ ᠰᠣᠶᠣᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠮᠦᠩᠭᠦ  ᠤᠷᠤᠭᠤᠯᠤᠨ ᠠᠪᠴᠢᠷᠠᠬᠤ ᠶᠢ ᠪᠦᠲᠦᠮᠵᠢᠲᠡᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠬᠠᠪᠰᠤᠷᠤᠨ ᠲᠡᠳᠬᠦᠬᠦ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠬᠤᠰᠢᠭᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ᠂ ︽ ᠲᠤᠯᠠᠭᠠᠯᠠᠭ᠎ᠠ ᠶᠢᠨ ᠢᠨᠵᠧᠨᠧᠷᠢᠩ︾ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠤ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠳᠦᠷ ᠰᠤᠷᠤᠯᠴᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠰᠠᠶᠢᠲᠤᠷ ᠠᠳᠬᠤᠵᠤ᠂ ︽ᠮᠤᠬᠤᠷ ᠵᠠᠮ︾ ︽ᠪᠣᠭᠤᠮᠢ ᠵᠠᠮ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠡᠭᠦᠰᠦᠭᠰᠡᠨ ᠪᠠᠷᠢᠯᠭ᠎ᠠ ᠶᠢᠨ ᠬᠤᠭ ᠨᠣᠪᠰᠢ ᠶᠢᠨ ᠬᠦᠨᠦᠭᠡᠯ ᠪᠠ ᠠᠮᠢ ᠠᠬᠤᠶ ᠣᠷᠴᠢᠨ ᠲᠣᠭᠤᠷᠢᠨ ᠢ ᠨᠥᠯᠥᠭᠡᠯᠡᠬᠦ ᠠᠰᠠᠭᠤᠳᠠᠯ ᠢ ᠰᠡᠷᠭᠡᠶᠢᠯᠡᠨ ᠰᠢᠢᠳᠪᠦᠷᠢᠯᠡᠵᠦ᠂ ᠵᠠᠯᠠᠶᠢᠳ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠤᠨ ᠲᠠᠰ ᠤᠨ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠤᠨ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠰᠠᠶᠢᠳᠦᠷ ᠰᠤᠷᠤᠯᠴᠠᠨ ᠣᠶᠢᠯᠠᠭᠠᠵᠤ᠂ ᠪᠥᠬᠦ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠮᠢᠶ᠎ᠠ ᠪᠥᠬᠦᠶ ᠥᠭᠡᠷᠡᠴᠢᠯᠡᠯᠲᠡ ᠶᠢ ᠰᠠᠶᠢᠲᠤᠷ ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠶ᠃ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠠᠬᠢᠭᠤᠯᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠰᠢᠯᠤᠭᠤᠳᠬᠠᠵᠤ᠂ ᠬᠤᠰᠢᠭᠤᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号