ᠨᠤᠳᠤᠭ ᠪᠡᠯᠴᠢᠭᠡᠷ ᠤᠨ ᠲᠠᠭᠠᠭᠠᠴᠠ ᠠᠴᠠ ᠬᠡᠳᠤᠷᠡᠭᠦᠯᠦᠨ ᠮᠠᠯ ᠮᠠᠯᠵᠢᠬᠤ ᠠᠰᠠᠭᠤᠳᠠᠯ ᠢ ᠰᠶᠢᠳᠪᠤᠷᠢᠯᠡᠬᠦ ᠶᠢ | ᠠᠬᠢᠭᠤᠯᠤᠨ᠂ ︽ᠵᠠᠯᠠᠶᠢᠳ ᠬᠤᠰᠢᠭᠤᠨ ᠤ ᠨᠤᠳᠤᠭ ᠪᠡᠯᠴᠢᠭᠡᠷ ᠤᠨ ᠲᠠᠭᠠᠭᠠᠴᠠ ᠠᠴᠠ ᠬᠡᠳᠤᠷᠡᠭᠦᠯᠦᠨ ᠮᠠᠯ ᠮᠠᠯᠵᠢᠬᠤ | ᠠᠰᠠᠭᠤᠳᠠᠯ ᠢ ᠰᠶᠢᠳᠪᠤᠷᠢᠯᠡᠬᠦ ᠶᠢᠨ ᠲᠤᠷᠰᠢᠯᠳᠠ ᠶᠢᠨ ᠴᠡᠭ ᠢ ᠬᠡᠷᠡᠭᠵᠢᠬᠦᠯᠬᠦ ᠲᠦᠰᠥᠪ ︵2024 ᠤᠨ︶ ᠢ | ᠪᠤᠳᠠᠳᠠᠢ ᠨᠠᠶᠢᠳᠠᠪᠤᠷᠢᠵᠢᠭᠤᠯᠬᠤ ᠠᠷᠭ᠎ᠠ ᠠᠪᠴᠠᠯ︾ ᠲᠠᠢ ᠤᠶᠠᠯᠳᠤᠭᠤᠯᠤᠨ᠂ ᠤᠶᠢᠷ᠎ᠠ ᠶᠢᠨ ᠡᠳᠤᠷ᠂ ᠵᠠᠯᠠᠶᠢᠤᠨ | ᠬᠤᠰᠢᠭᠤᠨ ᠤ ᠬᠦᠷᠡᠯ ᠪᠠᠯᠭᠠᠰᠤ ᠮᠠᠰᠢᠨ ᠮᠧᠬᠠᠨᠢᠭ ᠤᠨ ᠬᠤᠳᠠᠯᠳᠤᠭᠠᠴᠢᠨ ᠡᠷᠤᠬᠡ ᠶᠢ ᠪᠠᠯᠭᠠᠰᠤᠨ ᠤ ᠵᠠᠰᠠᠭ ᠤᠨ | ᠤᠷᠳᠤᠨ ᠤ ᠬᠦᠷᠢᠶᠡᠨ ᠳᠡᠭᠡᠨ ᠤᠷᠢᠵᠤ᠂ ᠲᠡᠯᠭᠡᠨ ᠪᠤᠷᠤᠯᠠᠭᠤᠯᠬᠤ ᠠᠵᠢᠯᠯᠠᠭ᠎ᠠ ᠦᠷᠨᠢᠬᠦᠯᠵᠤ᠂ ᠤᠯᠠᠨ ᠲᠦᠮᠡᠨ ᠳᠤ | ᠲᠦᠬᠦᠮ ᠲᠦᠳᠠ ᠲᠠᠪᠴᠠᠩ ᠬᠠᠩᠭᠠᠨ᠂ ᠪᠦᠬᠦ ᠪᠠᠯᠭᠠᠰᠤᠨ ᠤ ᠲᠡᠵᠢᠭᠡᠨ ᠦᠷᠡᠵᠢᠬᠦᠯᠬᠦ ᠡᠷᠤᠬᠡ᠂ ᠲᠠᠷᠢᠶᠠᠯᠠᠩ ᠤᠨ | ᠮᠠᠰᠢᠨ ᠤ ᠬᠤᠳᠠᠯᠳᠤᠵᠤ ᠪᠠᠶᠢᠬᠤ 100 ᠭᠠᠷᠤᠢ ᠬᠦᠮᠤᠨ ᠤᠷᠤᠯᠴᠠᠪᠠ᠃ | ᠠᠵᠢᠯᠯᠠᠭᠠᠨ ᠤ ᠲᠠᠯᠠᠪᠠᠢ ᠳᠤ᠂ ᠡᠯ᠎ᠠ ᠲᠦᠷᠤᠯ ᠤᠨ ᠰᠢᠨ᠎ᠠ ᠬᠡᠯᠪᠡᠷᠢ ᠶᠢᠨ ᠮᠠᠰᠢᠨ ᠮᠧᠬᠠᠨᠢᠭ ᠢ ᠲᠡᠯᠭᠡᠨ | ᠪᠤᠷᠤᠯᠠᠭᠤᠯᠵᠤ᠂ ᠮᠡᠷᠭᠡᠵᠢᠯᠳᠠᠨ ᠠᠴᠠ ᠡᠯ᠎ᠠ ᠵᠦᠢᠯ ᠤᠨ ᠮᠠᠰᠢᠨ ᠮᠧᠬᠠᠨᠢᠭ ᠢ ᠬᠡᠷᠡᠭᠯᠡᠬᠦ ᠠᠷᠭ᠎ᠠ ᠠᠪᠴᠠᠯ᠂ ᠪᠠᠶᠢᠩᠭᠤ | ᠲᠤᠬᠢᠶᠠᠯᠳᠤᠬᠤ ᠭᠡᠮᠳᠤᠯ ᠢ ᠠᠷᠢᠯᠭᠠᠬᠤ᠂ ᠲᠦᠬᠦᠭᠡᠷᠤᠮᠵᠢ ᠶᠢ ᠰᠡᠯᠪᠢᠨ ᠵᠠᠰᠠᠬᠤ ᠵᠡᠷᠭᠡ ᠮᠡᠳᠡᠯᠭᠡ ᠳᠤ ᠨᠠᠷᠢᠨ ᠨᠢᠭᠳᠠ | ᠲᠠᠶᠢᠯᠪᠤᠷᠢᠯᠠᠯᠳᠠ ᠬᠢᠭᠰᠡᠨ ᠤ ᠬᠠᠮᠳᠤ ᠲᠤᠬᠠᠢ ᠶᠢᠨ ᠲᠠᠯᠠᠪᠠᠢ ᠳᠤ ᠵᠢᠯᠤᠭᠤᠳᠤᠯᠭ᠎ᠠ ᠬᠢᠵᠤ᠂ ᠤᠯᠠᠨ ᠲᠦᠮᠡᠨ ᠳᠤ ᠡᠯ᠎ᠠ | ᠲᠦᠷᠤᠯ ᠤᠨ ᠮᠠᠰᠢᠨ ᠮᠧᠬᠠᠨᠢᠭ ᠤᠨ ᠴᠢᠳᠠᠪᠬᠢ ᠶᠢ ᠤᠶᠢᠯᠠᠭᠠᠭᠤᠯᠵᠠᠢ᠃ ᠲᠤᠬᠠᠢ ᠶᠢᠨ ᠲᠠᠯᠠᠪᠠᠢ ᠳᠤ ᠠᠵᠢᠯᠳᠠᠨ ᠤ | ᠲᠠᠨᠢᠯᠴᠠᠭᠤᠯᠭ᠎ᠠ ᠶᠢ ᠰᠤᠨᠤᠰᠤᠭᠰᠠᠨ ᠤ ᠲᠠᠷᠠᠭ᠎ᠠ᠂ ᠲᠠᠷᠢᠮᠠᠯ ᠤᠨ ᠡᠷᠤᠬᠡ ᠦᠪᠠᠷ ᠤᠨ ᠬᠡᠷᠡᠭᠴᠡᠭᠡᠨ ᠳᠡᠭᠡᠨ | ᠲᠤᠬᠢᠷᠠᠭᠰᠠᠨ ᠦᠢᠯᠡᠳᠬᠦᠨ ᠢᠶᠠᠨ ᠰᠤᠩᠭᠤᠯᠠ᠃ | ᠨᠦᠮᠤᠷᠢ ᠭᠠᠴᠠᠭᠠᠨ ᠤ ᠲᠤᠰᠬᠤᠨ ᠤ ᠠᠷᠠᠳ᠄ ︽ᠦᠨᠤᠳᠤᠷ ᠲᠤᠰᠬᠤᠨ ᠳᠤ ᠮᠠᠰᠢᠨ ᠮᠧᠬᠠᠨᠢᠭ ᠤᠨ | ᠲᠦᠬᠦᠭᠡᠷᠤᠮᠵᠢ ᠶᠢᠨ ᠲᠡᠯᠭᠡᠨ ᠪᠤᠷᠤᠯᠠᠭᠤᠯᠭ᠎ᠠ ᠬᠢᠬᠦ ᠶᠢ ᠰᠤᠨᠤᠰᠤᠭᠠᠳ ᠪᠢᠳᠠ ᠦᠵᠡᠬᠦ ᠪᠠᠷ ᠢᠷᠡᠵᠠᠢ᠃ ᠮᠠᠰᠢᠨ | ᠮᠧᠬᠠᠨᠢᠭ ᠤᠨ ᠲᠦᠷᠤᠯ ᠵᠦᠢᠯ ᠠᠷᠪᠢᠨ ᠪᠠᠶᠢᠵᠤ᠂ ᠪᠢ ᠴᠠᠬᠢᠯᠭᠠᠨ ᠬᠦᠳᠡᠯᠭᠡᠬᠦᠷᠳᠤ ᠪᠤᠷᠳᠤᠭ᠎ᠠ ᠰᠠᠴᠤᠬᠤ ᠲᠡᠷᠭᠡ ᠶᠢ | ᠬᠤᠳᠠᠯᠳᠤᠨ ᠠᠪᠬᠤ ᠰᠠᠨᠠᠭ᠎ᠠ ᠲᠠᠢ᠂ ᠦᠪᠠᠷ ᠢᠶᠠᠨ ᠪᠠᠭ᠎ᠠ ᠬᠡᠰᠡᠭ ᠵᠤᠭᠤᠰ ᠭᠠᠷᠭᠠᠪᠠᠯ᠂ ᠵᠠᠰᠠᠭ ᠤᠨ ᠤᠷᠳᠤᠨ ᠠᠴᠠ | ᠶᠡᠭᠡ ᠬᠡᠰᠡᠭ ᠢ ᠨᠢ ᠨᠦᠬᠦᠪᠤᠷᠢᠯᠡᠵᠤ ᠦᠭᠬᠦ ᠪᠤᠯᠤᠨ᠎ᠠ︾ ᠭᠡᠵᠤ ᠶᠠᠷᠢᠨ᠎ᠠ᠃ | ᠮᠠᠲ᠋ᠧᠷᠢᠶᠠᠯ ᠤᠨ ᠨᠦᠬᠦᠪᠤᠷᠢ ᠶᠢᠨ ᠪᠠᠷᠢᠮᠵᠢᠶ᠎ᠠ ᠪᠠᠷ ᠪᠤᠳᠠᠳᠠᠢ ᠬᠤᠳᠠᠯᠳᠤᠨ ᠠᠪᠬᠤ ᠨᠦᠬᠦᠪᠤᠷᠢ ᠶᠢ | ᠦᠨᠳᠤᠰᠤᠯᠠᠨ᠂ ᠵᠠᠰᠠᠭ ᠤᠨ ᠤᠷᠳᠤᠨ ᠠᠴᠠ 70% ᠶᠢᠨ ᠪᠡᠯᠡ ᠤᠷᠤᠭᠤᠯᠵᠤ᠂ ᠡᠵᠡᠩᠨᠡᠯᠳᠠ ᠶᠢᠨ ᠭᠤᠤᠯ | ᠴᠤᠭᠴᠠ ᠠᠴᠠ 30% ᠶᠢᠨ ᠬᠠᠷᠢᠴᠠᠯ ᠢ ᠦᠪᠠᠷ ᠢᠶᠠᠨ ᠪᠡᠯᠡᠳᠭᠡᠨ᠂ ᠡᠵᠡᠩᠨᠡᠭᠴᠢᠳ ᠨᠦᠬᠦᠪᠤᠷᠢ ᠶᠢ ᠡᠳ᠋ᠯᠡᠭᠰᠡᠨ ᠤ | ᠲᠠᠷᠠᠭ᠎ᠠ᠂ ᠪᠤᠰᠤᠳ ᠡᠯ᠎ᠠ ᠲᠦᠷᠤᠯ ᠤᠨ ᠮᠠᠰᠢᠨ ᠬᠤᠳᠠᠯᠳᠤᠨ ᠠᠪᠬᠤ ᠨᠦᠬᠦᠪᠤᠷᠢ ᠶᠢ ᠲᠠᠬᠢᠨ ᠡᠳ᠋ᠯᠡᠵᠤ ᠪᠤᠯᠬᠤ | ᠦᠭᠡᠢ᠃ | ᠬᠦᠷᠠᠯ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠮᠠᠰᠢᠨ ᠮᠧᠬᠠᠨᠢᠭ ᠬᠤᠳᠠᠯᠳᠤᠨ ᠠᠪᠬᠤ | ᠪᠠ ᠬᠡᠷᠡᠭᠯᠡᠯᠳᠠ ᠶᠢᠨ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠬᠦᠴᠤᠯᠡᠴᠠ ᠪᠠᠨ ᠨᠡᠮᠡᠭᠳᠡᠬᠦᠯᠤᠨ᠂ ᠲᠤᠰ ᠤᠳᠠᠭᠠᠨ ᠤ ᠲᠡᠯᠭᠡᠨ | ᠪᠤᠷᠤᠯᠠᠭᠤᠯᠬᠤ ᠠᠵᠢᠯᠯᠠᠭ᠎ᠠ ᠪᠠᠷ ᠲᠠᠮᠵᠢᠨ ᠲᠡᠷᠢᠬᠦᠨ ᠤ ᠮᠠᠰᠢᠨ ᠮᠧᠬᠠᠨᠢᠭ ᠲᠦᠬᠦᠭᠡᠷᠤᠮᠵᠢ ᠶᠢ ᠲᠡᠯᠭᠡᠷᠡᠬᠦᠯᠬᠦ ᠪᠠ | ᠬᠡᠷᠡᠭᠯᠡᠬᠦ ᠬᠦᠴᠤᠯᠡᠴᠠ ᠪᠠᠨ ᠨᠡᠮᠡᠭᠳᠡᠬᠦᠯᠵᠤ᠂ ᠨᠤᠳᠤᠭ ᠪᠡᠯᠴᠢᠭᠡᠷ ᠤᠨ ᠲᠠᠭᠠᠭᠠᠴᠠ ᠠᠴᠠ ᠬᠡᠳᠤᠷᠡᠭᠦᠯᠦᠨ ᠮᠠᠯ | ᠮᠠᠯᠵᠢᠬᠤ ᠠᠰᠠᠭᠤᠳᠠᠯ ᠢ ᠪᠦᠳᠤᠮᠵᠢᠳᠠᠢ ᠠᠬᠢᠭᠤᠯᠬᠤ ᠪᠤᠯᠤᠨ᠎ᠠ᠃ | |