ᠨᠠᠮ ᠳᠠᠭᠠᠨ ᠦᠨᠡᠨᠴᠢ ᠲᠦᠮᠡᠨ ᠳᠡᠭᠡᠨ ᠢᠳᠡᠭᠡᠯ ᠲᠠᠢ ᠰᠢᠯᠢᠳᠡᠭ ᠨᠠᠮ ᠤᠨ ᠭᠡᠰᠢᠭᠦᠨ
ᠨᠡᠶᠢᠲᠡᠯᠡᠭᠰᠡᠨ ᠴᠠᠭ᠄
2024/7/11
            — ᠵᠠᠯᠠᠶᠢᠳ ᠬᠤᠰᠢᠭᠤᠨ ᠤ ᠤᠢ ᠰᠢᠭᠤᠢ ᠨᠤᠳᠤᠬ ᠪᠡᠯᠴᠢᠭᠡᠷ ᠤᠨ ᠳᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ᠳᠤᠪᠴᠢᠶᠠᠨ ᠳᠠᠷᠤᠭ᠎ᠠ ᠡᠦ ᠬᠦᠭᠵᠢᠯᠳᠦ ᠶᠢ ᠳᠡᠮᠳᠡᠭᠯᠡᠪᠡ     ᠳᠡᠷᠡ ᠦᠨᠳᠦᠰᠤᠨ ᠱᠠᠳᠤᠨ ᠳᠤ ᠠᠵᠢᠯᠯᠠᠵᠦ ᠪᠠᠶᠢᠭ᠎ᠠ ᠬᠤᠭᠤᠴᠠᠭᠠᠨ ᠳᠠᠭᠠᠨ ᠰᠡᠳᠬᠢᠯ ᠳᠡᠭᠡᠨ ᠠᠷᠠᠳ ᠲᠦᠮᠡᠨ ᠢ ᠪᠤᠳᠤᠵᠦ᠂ ᠦᠪᠡᠷ ᠤᠨ ᠴᠢᠷᠮᠠᠶᠢᠯᠭ᠎ᠠ ᠪᠠᠷ ᠢᠶᠠᠨ ᠬᠦᠳᠡᠭᠡ ᠳᠤᠰᠬᠤᠨ ᠢ ᠭᠥᠭᠵᠢᠬᠦᠯᠤᠨ ᠮᠠᠨᠳᠤᠭᠤᠯᠬᠤ ᠶᠢᠨ ᠠᠬᠢᠴᠠ ᠶᠢ ᠲᠦᠷᠭᠡᠳᠭᠡᠵᠠᠢ︔ ᠤᠳᠤᠬᠠᠨ᠂ ᠳᠡᠷᠡ ᠨᠠᠩ ᠴᠤ ᠨᠠᠮ ᠵᠠᠰᠠᠬ ᠤᠨ ᠢᠳᠡᠭᠡᠯ ᠨᠠᠶᠢᠳᠠᠯᠭ᠎ᠠ ᠶᠢ ᠬᠦᠷᠳᠡᠵᠦ ᠂ ᠤᠬ ᠰᠠᠨᠠᠭ᠎ᠠ ᠪᠠᠨ ᠦᠯᠦ ᠮᠠᠷᠳᠠᠨ ᠡᠬᠦᠷᠭᠡ ᠬᠠᠷᠢᠭᠤᠴᠠᠯᠭ᠎ᠠ ᠪᠠᠨ ᠪᠠᠳᠦ ᠴᠡᠭᠡᠵᠢᠯᠡᠨ᠂ ᠵᠠᠯᠠᠶᠢᠳ ᠬᠤᠰᠢᠭᠤᠨ ᠤ ᠤᠢ ᠰᠢᠭᠤᠢ ᠨᠤᠳᠤᠬ ᠪᠡᠯᠴᠢᠭᠡᠷ ᠤᠨ ᠦᠢᠯᠡᠰ ᠤᠨ ᠦᠷᠨᠢᠩᠬᠦᠢ ᠬᠦᠭᠵᠢᠯᠳᠠ ᠶᠢᠨ ᠲᠦᠯᠦᠭᠡ ᠦᠨᠡᠨᠴᠢ ᠰᠢᠳᠤᠷᠭᠤ ᠪᠠᠷ ᠵᠢᠳᠬᠦᠵᠦ ᠪᠤᠢ᠃ ᠳᠡᠷᠡ ᠪᠤᠯ ᠳᠠᠷᠤᠢ ᠦᠪᠡᠷᠳᠡᠭᠡᠨ ᠵᠠᠰᠠᠬᠤ ᠤᠷᠤᠨ ᠤ ᠳᠡᠰ ᠤᠨ ᠰᠢᠯᠢᠳᠡᠭ ᠡᠪ ᠬᠠᠮᠳᠦ ᠨᠠᠮ ᠤᠨ ᠭᠡᠰᠢᠬᠦᠨ ᠢᠶᠠᠷ ᠦᠨᠡᠯᠡᠭᠳᠡᠭᠰᠡᠨ ᠵᠠᠯᠠᠶᠢᠳ ᠬᠤᠰᠢᠭᠤᠨ ᠤ ᠤᠢ ᠰᠢᠭᠤᠢ ᠨᠤᠳᠤᠬ ᠪᠡᠯᠴᠢᠭᠡᠷ ᠤᠨ ᠳᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠤᠪᠴᠢᠶᠠᠨ ᠳᠠᠷᠤᠭ᠎ᠠ ᠡᠦ ᠬᠦᠭᠵᠢᠯᠳᠦ ᠪᠤᠯᠤᠨ᠎ᠠ᠃    ᠡᠦ ᠬᠦᠭᠵᠢᠯᠳᠦ᠂ 1994 ᠣᠨ ᠤ 8 ᠰᠠᠷ᠎ᠠ ᠳᠤ ᠠᠵᠢᠯ ᠤᠨ ᠭᠠᠷᠤᠭ᠎ᠠ ᠪᠠᠨ ᠠᠪᠴᠦ᠂ 2000 ᠣᠨ ᠤ 9 ᠰᠠᠷ᠎ᠠ ᠳᠤ ᠦᠡᠭᠭᠡ ᠭᠡᠷᠡᠯᠳᠠᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠃ ᠳᠡᠷᠡ ᠤᠷᠢᠳ ᠬᠤᠵᠢᠳ ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠦ ᠪᠤᠯᠤᠨ ᠬᠦᠷᠡᠯ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠵᠡᠷᠭᠡ ᠳᠤᠰᠢᠶᠠᠯ ᠢ ᠡᠬᠦᠷᠭᠡᠯᠡᠵᠦ ᠦᠡᠭᠭᠡᠷᠡᠵᠠᠢ᠃ ᠤᠳᠤᠬᠠᠨ᠂ ᠨᠠᠩ ᠴᠤ ᠵᠠᠯᠠᠶᠢᠳ ᠬᠤᠰᠢᠭᠤᠨ ᠤ ᠤᠢ ᠰᠢᠭᠤᠢ ᠨᠤᠳᠤᠬ ᠪᠠᠯᠴᠢᠭᠡᠷ ᠤᠨ ᠳᠤᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠳᠤᠪᠴᠢᠶᠠᠨ ᠳᠠᠷᠤᠭ᠎ᠠ ᠶᠢᠨ ᠳᠤᠰᠢᠶᠠᠯ ᠢ ᠡᠬᠦᠷᠭᠡᠯᠡᠨ᠂ ᠪᠦᠬᠦ ᠬᠤᠰᠢᠭᠤᠨ ᠤ ᠤᠢ ᠰᠢᠭᠤᠢ ᠨᠤᠳᠤᠬ ᠪᠡᠯᠴᠢᠭᠡᠷ ᠤᠨ ᠦᠢᠯᠡᠰ ᠤᠨ ᠲᠦᠷᠦᠬᠦᠴᠢ ᠭᠠᠯᠠᠭᠤ ᠪᠤᠯᠵᠥ ᠤᠯᠠᠨ ᠲᠦᠮᠡᠨ ᠢ ᠳᠠᠶᠢᠴᠢᠯᠠᠨ ᠳᠠᠭᠠᠭᠤᠯᠵᠦ᠂ ᠬᠦᠭᠡᠮᠳᠦᠭ ᠨᠤᠭᠤᠭᠠᠨ ᠠᠭᠤᠯᠠ ᠤᠰᠦ ᠪᠠᠨ ᠬᠠᠮᠠᠭᠠᠯᠠᠵᠦ ᠪᠠᠶᠢᠭ᠎ᠠ ᠶᠤᠮ᠃    ᠦᠨᠳᠦᠰᠤᠨ ᠱᠠᠳᠤᠨ ᠳᠤ ᠬᠦᠨᠵᠡᠭᠡᠶᠢᠷᠡᠵᠦ ᠠᠷᠠᠳ ᠤᠨ ᠪᠠᠶᠢᠳᠡᠯ ᠢ ᠰᠠᠶᠢᠳᠤᠷ ᠤᠶᠢᠯᠠᠭᠠᠪᠡ    2013 — 2021 ᠣᠨ ᠤ ᠬᠤᠭᠤᠷᠣᠨᠳᠣ᠂ ᠡᠦ ᠬᠦᠭᠵᠢᠯᠳᠦ ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠤ ᠪᠠ ᠬᠦᠷᠡᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠤᠷᠢᠳ ᠬᠤᠵᠢᠳ ᠬᠠᠷᠢᠭᠤᠴᠠᠬᠰᠠᠨ ᠪᠠᠶᠢᠨ᠎ᠠ᠃ ᠲᠤᠰᠢᠶᠠᠯ ᠬᠠᠷᠢᠭᠤᠴᠠᠵᠤ ᠪᠠᠶᠢᠬᠤ ᠬᠤᠭᠤᠴᠠᠭᠠᠨ ᠳᠠᠭᠠᠨ᠂ ᠳᠡᠷᠡ ᠤᠯᠠᠮᠵᠢᠯᠠᠯᠳᠦ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠳᠤ ᠲᠣᠬᠢᠷᠠᠭᠤᠯᠤᠯᠲᠠ ᠬᠢᠵᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠵᠦ᠂ ᠠᠷᠠᠳ ᠤᠯᠠᠨ ᠤ ᠳᠠᠩ ᠭᠠᠭᠴᠠ ᠳᠠᠷᠢᠶᠠᠯᠠᠩ ᠮᠠᠯ ᠠᠵᠦ ᠠᠬᠤᠢ ᠶᠢᠨ ᠤᠷᠤᠯᠭ᠎ᠠ ᠶᠢᠨ ᠭᠡᠯᠪᠡᠷᠢ ᠶᠢ ᠬᠤᠪᠢᠷᠠᠭᠤᠯᠤᠨ ᠤᠯᠠᠨ ᠶᠠᠩᠵᠦᠴᠢᠯᠠᠬᠰᠠᠨ ᠪᠠᠶᠢᠨ᠎ᠠ︔ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠴᠠ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ ᠬᠤᠭᠤᠴᠠᠭᠠᠨ ᠳᠠᠭᠠᠨ᠂ ᠳᠡᠷᠡ ᠬᠤᠶᠠᠷ ᠪᠠᠯᠭᠠᠰᠤᠨ ᠤ ᠪᠤᠢ ᠪᠦᠬᠦᠢ ᠭᠠᠴᠠᠭ᠎ᠠ ᠳᠤᠰᠬᠤᠨ ᠢᠶᠠᠷ ᠬᠦᠨᠵᠡᠭᠡᠶᠢᠷᠡᠵᠦ᠂ ᠠᠷᠠᠳ ᠤᠨ ᠠᠮᠢᠳᠤᠷᠠᠯ ᠤᠨ ᠪᠠᠶᠢᠳᠡᠯ ᠢ ᠤᠶᠢᠯᠠᠭᠠᠨ᠂ ᠠᠷᠠᠳ ᠤᠨ ᠰᠠᠨᠠᠭ᠎ᠠ ᠶᠢ ᠰᠤᠨᠤᠰᠴᠦ᠂ ᠤᠯᠠᠨ ᠲᠦᠮᠡᠨ ᠤ ᠬᠠᠮᠤᠬ ᠠᠴᠠ ᠰᠠᠨᠠᠭᠠᠰᠢᠷᠠᠵᠦ ᠵᠤᠪᠠᠨᠢᠵᠦ ᠬᠦᠴᠢᠷᠳᠡᠵᠦ ᠪᠠᠶᠢᠭ᠎ᠠ ᠵᠦᠢᠯ ᠢ ᠰᠶᠢᠳᠪᠦᠷᠢᠯᠡᠨ ᠦᠭᠪᠡ᠃    ᠲᠡᠭᠦᠨ ᠤ ᠴᠥᠬᠦᠷᠡᠰᠢ ᠦᠭᠡᠢ ᠴᠢᠷᠮᠠᠶᠢᠯᠭ᠎ᠠ ᠪᠠᠷ᠂ 2020 ᠣᠨ ᠳᠤ ᠬᠦᠷᠡᠯ ᠪᠠᠯᠭᠠᠰᠤ ᠨᠢ ᠵᠠᠯᠠᠶᠢᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠤᠶᠠᠷ ᠪᠠᠯᠭᠠᠰᠤ ᠶᠢ ᠤᠷᠢᠳᠠᠪᠠᠷ ᠬᠥᠭᠵᠢᠭᠦᠯᠬᠦ︾ ᠦᠯᠢᠭᠡᠷ ᠳᠠᠭᠤᠷᠢᠶᠠᠯ ᠤᠨ ᠨᠢᠭᠡ ᠨᠢ ᠪᠤᠯᠵᠤ᠂ ᠰᠢᠪᠠᠷᠲᠤ ᠭᠠᠴᠠᠭ᠎ᠠ ᠪᠣᠯᠤᠨ ᠴᠠᠭᠠᠨᠵᠢᠷᠦᠭᠡ ᠭᠠᠴᠠᠭ᠎ᠠ ᠶᠢ ᠤᠯᠤᠰ ᠤᠨ ᠤᠢ ᠰᠢᠭᠤᠢ ᠨᠤᠳᠤᠬ ᠪᠡᠯᠴᠢᠭᠡᠷ ᠤᠨ ᠲᠤᠪᠴᠢᠶ᠎ᠠ ᠠᠴᠠ ᠤᠯᠤᠰ ᠤᠨ ᠤᠢ ᠰᠢᠭᠤᠢ ᠶᠢᠨ ᠬᠥᠳᠡᠭᠡ ᠲᠣᠰᠬᠤᠨ ᠢᠶᠠᠷ ᠦᠨᠡᠯᠡᠨ ᠲᠤᠬᠳᠡᠭᠠᠪᠡ᠃    ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠦᠷᠦᠬᠦᠴᠢ ᠭᠠᠯᠠᠭᠤ ᠶᠢᠨ ᠦᠢᠯᠡᠳᠤᠯ ᠢ ᠪᠠᠳᠠᠷᠠᠭᠤᠯᠪᠡ    2021 ᠣᠨ ᠳᠤ᠂ ᠦᠨᠳᠦᠰᠤᠨ ᠱᠠᠳᠤᠨ ᠤ ᠡᠮᠤᠨ᠎ᠠ ᠹᠷᠣᠨᠲ ᠪᠠᠷ ᠠᠷᠪᠠ ᠭᠠᠷᠤᠢ ᠵᠢᠯ ᠡᠷᠡᠯᠬᠡᠭᠯᠡᠨ ᠲᠡᠮᠡᠴᠡᠭᠰᠡᠨ ᠡᠦ ᠬᠦᠭᠵᠢᠯᠳᠦ ᠵᠠᠯᠠᠶᠢᠳ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃    ᠳᠡᠷᠡ ᠲᠤᠰᠢᠶᠠᠯ ᠳᠤ ᠭᠠᠷᠤᠭᠰᠠᠨ ᠤ ᠳᠠᠷᠠᠭ᠎ᠠ᠂ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠪᠠᠶᠢᠭᠤᠯᠤᠯᠲᠠ ᠪᠠᠷ ᠤᠢ ᠰᠢᠭᠤᠢ ᠨᠤᠳᠤᠬ ᠪᠡᠯᠴᠢᠭᠡᠷ ᠤᠨ ᠠᠵᠢᠯ ᠢ ᠬᠦᠳᠤᠯᠤᠨ ᠵᠢᠯᠤᠭᠤᠳᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠤᠨ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠢ ᠰᠢᠭᠤᠢ ᠨᠤᠳᠤᠬ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ᠂ ᠤᠢ ᠰᠢᠭᠤᠢ ᠨᠤᠳᠤᠬ ᠪᠡᠯᠴᠢᠭᠡᠷ ᠤᠨ ᠳᠠᠷᠤᠭ᠎ᠠ ᠶᠢᠨ ᠲᠦᠷᠢᠮ ᠵᠡᠷᠭᠡ 10 ᠭᠠᠷᠤᠢ ᠡᠭᠦᠷᠭᠡ ᠶᠢ ᠭᠤᠣᠯᠳᠠᠯᠭ᠎ᠠ ᠲᠠᠢ ᠠᠵᠢᠯ ᠤᠨ ᠨᠠᠷᠢᠨ ᠳᠠᠩᠰᠠᠨ ᠳᠤ ᠣᠷᠣᠭᠤᠯᠪᠠ᠃ ᠮᠸᠡᠭ ᠵᠧᠨ ᠰᠢᠳ ᠬᠦᠢᠯᠡᠰᠦ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠣᠶ ᠮᠣᠳᠣᠨ ᠤ ᠰᠢᠨ᠎ᠠ ᠲᠦᠷᠤᠯ ᠵᠦᠢᠯ ᠢ ᠪᠤᠶᠢᠵᠢᠭᠤᠯᠬᠤ ᠵᠡᠷᠭᠡ ᠠᠵᠢᠯ ᠢ ᠶᠠᠪᠤᠭᠳᠠᠭᠤᠯᠤᠬᠰᠠᠨ ᠮᠦᠷᠳᠡᠭᠡᠨ ᠢᠳᠡᠪᠬᠢᠲᠡᠶ ᠪᠠᠷ ᠠᠷᠭ᠎ᠠ ᠬᠡᠮᠵᠢᠶ᠎ᠡ ᠰᠥᠪᠡᠭᠴᠢᠯᠠᠵᠥ ᠪᠠᠶᠢᠭᠠᠳ ᠣᠶ ᠰᠢᠭᠤᠶ ᠨᠤᠳᠤᠬ ᠪᠡᠯᠴᠢᠭᠡᠷ ᠤᠨ ᠬᠦᠷᠢᠶᠡᠨ ᠳᠠᠬᠢ ᠤᠳᠠᠭᠠᠰᠢᠷᠠᠭᠤᠯᠤᠭᠠᠳ ᠰᠢᠢᠳᠪᠦᠷᠢᠯᠡᠭᠡᠳᠦᠶ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠣᠶ ᠰᠢᠭᠤᠶ ᠨᠤᠳᠤᠬ ᠪᠡᠯᠴᠢᠭᠡᠷ ᠤᠨ ᠰᠢᠰᠲ᠋ᠧᠮ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠠᠢ᠃    ᠤᠳᠤᠬᠠᠨ᠂ ᠲᠡᠭᠦᠨ ᠤ ᠳᠠᠭᠠᠭᠤᠯᠭ᠎ᠠ ᠪᠠᠷ ᠪᠦᠬᠦ ᠬᠤᠰᠢᠭᠤᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ᠂ ᠲᠠᠯ᠎ᠠ ᠨᠤᠲᠤᠭ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠴᠤ ᠲᠣᠭᠲᠠᠭᠤᠨ ᠢᠶᠠᠷ ᠨᠡᠮᠡᠭᠳᠡᠵᠦ᠂ ᠵᠠᠯᠠᠶᠢᠳ ᠬᠤᠰᠢᠭᠤᠨ ᠤ ᠤᠢ ᠰᠢᠭᠤᠢ ᠨᠤᠳᠤᠬ ᠪᠡᠯᠴᠢᠭᠡᠷ ᠤᠨ ᠠᠵᠢᠯ ᠭᠤᠷᠪᠠᠨ ᠵᠢᠯ ᠳᠠᠷᠠᠭᠠᠯᠠᠨ ᠪᠦᠬᠦ ᠠᠶᠢᠮᠠᠭ ᠲᠤ ᠨᠢᠭᠡᠳᠦᠭᠡᠷ ᠲᠤ ᠵᠢᠭᠰᠠᠭᠠᠭᠳᠠᠵᠤ᠂ 2022 ᠣᠨ ᠳᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠢ ᠪᠠᠷ ᠦᠨᠡᠯᠡᠭᠳᠡᠵᠦ᠂ 2023 ᠣᠨ ᠳᠤ ᠭᠤᠤᠯ ᠤᠢ ᠰᠢᠭᠤᠢ ᠶᠢᠨ ᠲᠠᠯᠠᠪᠠᠢ ᠨᠢ ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠨᠢᠭᠡᠴᠢ︾ ᠶᠢᠨ ᠢᠷᠠᠭᠤ ᠠᠯᠳᠠᠷ ᠢ ᠬᠦᠷᠳᠡᠵᠤ᠂ ᠡᠦ ᠬᠦᠭᠵᠢᠯᠳᠦ ᠴᠤ ᠬᠤᠪᠢ ᠬᠦᠮᠦᠨ ᠤ ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠱᠠᠩᠨᠠᠯ ᠤᠨ ᠲᠡᠮᠳᠡᠭ︾ ᠢ ᠬᠦᠷᠳᠡᠭᠰᠡᠨ ᠪᠠᠶᠢᠨ᠎ᠠ᠂ ᠡᠳᠡᠭᠡᠷ ᠢᠷᠠᠭᠤ ᠠᠯᠳᠠᠷ ᠤᠨ ᠠᠷᠤ ᠳᠤ ᠲᠡᠭᠦᠨ ᠤ ᠤᠢ ᠰᠢᠭᠤᠢ ᠨᠤᠳᠤᠬ ᠪᠡᠯᠴᠢᠭᠡᠷ ᠤᠨ ᠦᠢᠯᠡᠰ ᠤᠨ ᠲᠤᠬᠠᠢ ᠬᠥᠭᠡᠭᠡᠴᠡᠯᠳᠦᠯ ᠪᠠ ᠬᠠᠷᠠᠮ ᠦᠭᠡᠢ ᠵᠢᠳᠬᠦᠯ ᠴᠢᠷᠮᠠᠶᠢᠯᠭ᠎ᠠ ᠠᠴᠠ ᠰᠠᠯᠵᠦ ᠳᠡᠶᠢᠯᠬᠦ ᠦᠭᠡᠢ ᠶᠤᠮ᠃    ᠶᠡᠭᠡ ᠳᠠᠯ᠎ᠠ ᠶᠢ ᠪᠤᠳᠤᠯᠬᠢᠯᠠᠨ ᠨᠤᠭᠤᠭᠠᠷᠠᠭᠤᠯᠤᠯᠳᠠ ᠶᠢ ᠠᠬᠢᠭᠤᠯᠪᠡ    ᠦᠨᠳᠦᠰᠦᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ ︽ᠤᠯᠤᠰ ᠤᠨ ᠶᠡᠭᠡ ᠶᠠᠪᠤᠳᠠᠯ︾ ᠤᠨ ᠤᠯᠤᠰ ᠲᠥᠷᠥ ᠶᠢᠨ ᠵᠣᠭᠰᠣᠴᠠ ᠶᠢ ᠢᠮᠠᠭᠲᠠ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ᠂ ᠪᠣᠳᠠᠲᠠᠶ ᠪᠠᠷ ᠠᠵᠢᠯᠯᠠᠵᠤ ᠰᠢᠨ᠎ᠡ ᠶᠢ ᠡᠭᠦᠳᠴᠦ᠂ ᠪᠥᠬᠦ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠪᠠ᠃ ᠳᠡᠷᠡ᠂ ᠬᠤᠰᠢᠭᠤᠨ ᠤ ᠲᠠᠰ ᠤᠨ ᠲᠠᠪᠤᠨ ᠶᠡᠭᠡ ᠡᠭᠦᠷᠭᠡ ᠶᠢ 20 ᠭᠠᠷᠤᠢ ᠵᠦᠢᠯ ᠲᠥᠯᠥᠪᠯᠡᠨ ᠳᠤᠬᠳᠠᠭᠠᠵᠦ᠂ ᠣᠶ ᠰᠢᠭᠤᠶ ᠨᠤᠳᠤᠬ ᠪᠡᠯᠴᠢᠭᠡᠷ ᠤᠨ ᠦᠢᠯᠡᠰ ᠤᠨ ᠣᠷᠳᠣ ᠬᠤᠭᠤᠴᠠᠭᠠᠨ ᠤ ᠲᠦᠷᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠢᠳᠡᠪᠬᠢᠲᠡᠶ ᠬᠠᠶᠢᠨ ᠰᠦᠪᠡᠭᠴᠢᠯᠡᠵᠦ᠂ ᠣᠷᠣᠨ ᠪᠦᠰᠡ ᠶᠢᠨ ᠪᠠᠬᠢᠯᠡᠯᠲᠡ ᠶᠢ ᠡᠪᠳᠡᠨ ᠬᠠᠷᠠᠮᠥ᠋ᠷᠡᠨ ᠮᠤᠵᠢ ᠶᠢᠨ ᠯᠦᠩᠵᠢᠶᠠᠩ ᠰᠢᠶᠠᠨ ᠲᠠᠢ ᠣᠷᠣᠨ ᠪᠦᠰᠡ ᠠᠯᠤᠰᠯᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠥᠯᠥᠨ ᠪᠤᠶᠢᠷ ᠬᠤᠳᠠ ᠶᠢᠨ ᠴᠠᠢ ᠡᡁᠧ ᠤᠢ ᠰᠢᠭᠤᠢ ᠶᠢᠨ ᠲᠤᠪᠴᠢᠶ᠎ᠠ ᠲᠠᠢ ᠵᠥᠪᠯᠡᠯᠴᠡᠭᠡᠷ ᠲᠣᠭᠲᠠᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠯᠪᠣᠭᠠᠯᠠᠨ ᠡᠵᠡᠮᠳᠡᠬᠦ ᠠᠵᠢᠯ ᠢ ᠬᠠᠮᠲᠤᠪᠠᠷ ᠥᠷᠨᠢᠭᠦᠯᠵᠦ᠂ ᠮᠤᠵᠢ ᠤᠷᠤᠨ ᠠᠶᠢᠮᠠᠭ ᠬᠤᠳᠠ ᠠᠯᠤᠰᠯᠠᠭᠰᠠᠨ ᠬᠠᠮᠲᠤᠷᠠᠯᠴᠠᠭ᠎ᠠ ᠰᠣᠯᠢᠯᠴᠠᠭ᠎ᠠ ᠶᠢ ᠪᠠᠶᠢᠭᠤᠯᠵᠠᠢ︔ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠬᠠᠮᠲᠤᠷᠠᠨ ᠪᠥᠬᠦ ᠬᠤᠰᠢᠭᠤᠨ ᠤ ᠠᠩᠬᠠᠳᠠᠭᠴᠢ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠭᠡᠵᠢᠬᠦᠯᠬᠦ ᠠᠷᠠᠯᠵᠢᠶ᠎ᠠ ᠶᠢ ᠪᠡᠶᠡᠯᠡᠭᠦᠯᠵᠦ᠂ ᠣᠶ ᠰᠢᠭᠤᠶ ᠨᠤᠳᠤᠬ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠶᠡᠭᠡ ᠪᠠᠶᠢᠷᠢᠰᠢᠯ ᠢ ᠪᠠᠶᠢᠭᠤᠯᠵᠤ᠂ ᠠᠶᠢᠮᠠᠭ ᠤᠨ ᠣᠶ ᠰᠢᠭᠤᠶ ᠨᠤᠳᠤᠬ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠲᠤ ᠨᠡᠶᠢᠲᠡᠯᠡᠨ ᠰᠠᠶᠢᠰᠢᠶᠠᠭᠳᠠᠪᠠ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠪᠠᠷ ᠭᠤᠣᠯ ᠱᠤᠭᠤᠮ ᠪᠣᠯᠭᠠᠵᠤ᠂ ᠠᠮᠢ ᠠᠬᠤᠶ᠂ ᠦᠢᠯᠡᠳᠪᠦᠷᠢᠯᠡᠯ᠂ ᠠᠮᠢᠳᠤᠷᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠵᠢᠭᠦᠯᠬᠦ ᠠᠵᠢᠯ ᠤᠨ ᠰᠡᠳᠭᠢᠴᠡ ᠶᠣᠰᠣᠭᠠᠷ᠂ ᠪᠥᠬᠦ ᠬᠤᠰᠢᠭᠤᠨ ᠳᠤ 1545 ᠠᠮᠢ ᠠᠬᠤᠶ ᠣᠶ ᠰᠢᠭᠤᠢ ᠶᠢᠨ ᠬᠠᠮᠠᠭᠠᠯᠠᠭᠴᠢ᠂ 560 ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠤᠭᠴᠢ ᠶᠢ ᠤᠷᠢᠨ ᠬᠡᠷᠡᠭᠯᠡᠵᠦ᠂ 233 ᠲᠦᠮᠡᠨ ᠮᠥ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ 340 ᠲᠦᠮᠡ ᠭᠠᠷᠤᠶ ᠮᠥ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠮᠢ ᠠᠬᠤᠶ ᠶᠢᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠠᠰᠢᠭ ᠢ ᠭᠦᠢᠴᠡᠳ ᠡᠳ᠋ᠯᠡᠭᠦᠯᠪᠡ᠃    ᠣᠶ ᠰᠢᠭᠤᠶ ᠨᠤᠳᠤᠬ ᠪᠡᠯᠴᠢᠭᠡᠷ ᠤᠨ ᠲᠣᠪᠴᠢᠶᠠᠨ ᠳᠠᠬᠢ ᠭᠤᠷᠪᠠᠨ ᠵᠢᠯ ᠤᠨ ᠬᠤᠭᠤᠴᠠᠭᠠᠨ ᠳᠤ᠂ ᠲᠡᠷᠡ ᠮᠸᠡᠭ  ᠵᠧᠨ ᠰᠢᠳ ᠬᠦᠢᠯᠡᠰᠦ ᠶᠢᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ︽ᠥᠨᠳᠥᠷ ᠪᠦᠲᠦᠮᠵᠢᠲᠡᠶ ᠪᠠᠷ ᠡᠭᠦᠳᠦᠨ ᠪᠦᠲᠦᠭᠡᠬᠦ᠂ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠶᠡᠷᠦᠩᠬᠡᠶ ᠰᠡᠳᠭᠢᠮᠵᠢ ᠶᠢ ᠳᠤᠷᠠᠳᠤᠨ ᠭᠠᠷᠭᠠᠵᠤ᠂ ᠮᠸᠡᠭ ᠵᠧᠨ ᠰᠢᠳ ᠬᠦᠢᠯᠡᠰᠦ ᠶᠢᠨ ᠰᠠᠭᠤᠷᠢᠨ ᠭᠠᠵᠠᠷ ᠢ 2 ᠪᠠᠶᠢᠭᠤᠯᠵᠤ᠂ 5 ᠰᠢᠶᠠᠩ ᠪᠠᠯᠭᠠᠰᠤ ᠶᠢ ᠳᠠᠶᠢᠴᠢᠯᠠᠨ ᠬᠦᠷᠢᠶ᠎ᠠ ᠬᠠᠰᠢᠶᠠᠨ ᠤ ᠠᠵᠤ ᠠᠬᠤᠶ ᠶᠢ ᠬᠥᠭᠵᠢᠭᠦᠯᠵᠦ᠂ ᠰᠢᠳ ᠬᠦᠢᠯᠡᠰᠤᠨ ᠮᠤᠳᠦ ᠶᠢ ᠨᠡᠶᠢᠲᠡ 2.3 ᠲᠦᠮᠡᠨ ᠮᠥ ᠳᠠᠷᠢᠵᠤ᠂ 2023 ᠣᠨ ᠳᠤ ᠮᠸᠡᠭ ᠵᠧᠨ ᠰᠢᠨ᠎ᠡ ᠰᠣᠷᠭᠤᠭ ᠵᠢᠮᠢᠰ ᠤᠨ ᠭᠠᠷᠤᠯᠲᠠ 60 ᠲᠦᠮᠡᠨ ᠵᠢᠩ ᠳᠤ ᠬᠦᠷᠴᠡᠶ᠂ ᠡᠭᠦᠨ ᠤ ᠳᠣᠲᠣᠷ᠎ᠠ ᠵᠠᠬ᠎ᠠ ᠳᠡᠯᠭᠡᠭᠦᠷ ᠲᠤ 40 ᠲᠦᠮᠡᠨ ᠵᠢᠩ ᠪᠣᠷᠣᠯᠠᠭᠤᠯᠵᠤ᠂ ᠦᠢᠯᠡᠳᠬᠦᠨ ᠤ ᠥᠷᠲᠡᠭ ᠨᠢ 1000 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃ ᠬᠡᠳᠦᠨ ᠵᠢᠯ ᠤᠨ ᠲᠤᠷᠰᠢ᠂ ᠮᠸᠡᠭ ᠵᠧᠨ ᠰᠢᠳ ᠬᠦᠢᠯᠡᠰᠦ ᠶᠢᠨ ᠠᠵᠤ ᠦᠢᠯᠡᠰ ᠨᠢ ᠬᠥᠳᠡᠯᠮᠦᠷᠢ ᠬᠦ᠋ᠴᠦᠨ ᠢ ᠨᠡᠶᠢᠲᠡ 1 ᠲᠦᠮᠡᠨ ᠬᠥᠮᠦᠨ ᠤᠳᠠᠭ᠎ᠠ ᠳᠠᠶᠢᠴᠢᠯᠠᠵᠦ᠂ ᠬᠥᠮᠦᠨ ᠳᠤᠮᠳᠠᠴᠢ ᠶᠢᠨ ᠣᠷᠣᠯᠭ᠎ᠠ ᠶᠢᠨ ᠨᠡᠮᠡᠭᠳᠡᠯ ᠨᠢ 0.5 ᠲᠦᠮᠡᠨ ᠲᠥᠭᠦᠷᠢᠭ ᠲᠤ ᠬᠦᠷᠴᠦ᠂ ᠨᠢᠭᠡᠨᠲᠡ ᠵᠠᠯᠠᠶᠢᠳ ᠬᠤᠰᠢᠭᠤᠨ ᠤ ᠣᠶ ᠰᠢᠭᠤᠶ ᠵᠢᠮᠢᠰ ᠤᠨ ᠮᠤᠳᠦ ᠶᠢᠨ ᠠᠵᠤ ᠦᠢᠯᠡᠰ ᠤᠨ ︽ᠳᠠᠭᠠᠭᠤᠯᠤᠭᠴᠢ︾ ᠪᠤᠯᠤᠬᠰᠠᠨ ᠪᠠᠶᠢᠨ᠎ᠠ᠃    ᠤᠢ ᠰᠢᠭᠤᠢ ᠶᠢᠨ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠳᠡᠨ ᠪᠣᠯᠤᠭᠰᠠᠨ ᠤ ᠬᠤᠪᠢ ᠳᠤ᠂ ᠲᠡᠷᠡ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠠᠮᠢ ᠠᠬᠤᠢ ᠶᠢᠨ ᠰᠠᠬᠢᠨ ᠬᠠᠮᠠᠭᠠᠯᠠᠭᠴᠢ ᠶᠢᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠭᠰᠡᠭᠡᠷ ᠢᠷᠡᠵᠠᠢ᠃ ᠮᠦᠨ ᠴᠤ ᠨᠢᠭᠡᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠨᠠᠮ ᠵᠠᠰᠠᠬ ᠤᠨ ᠦᠢᠯᠡᠰ ᠪᠤᠯᠤᠨ ᠠᠷᠠᠳ ᠲᠦᠮᠡᠨ ᠤ ᠵᠤᠯ ᠵᠢᠷᠭᠠᠯ ᠤᠨ ᠲᠦᠯᠦᠭᠡ ᠬᠠᠷᠠᠮ ᠦᠭᠡᠢ ᠵᠢᠳᠬᠦᠵᠥ ᠶᠠᠪᠤᠨ᠎ᠠ᠃                       · ᡁᠢ ᠮᠢᠨ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号