ᠠᠷᠠᠳ ᠤᠯᠠᠨ ᠤ ᠡᠪᠡᠳᠴᠢᠨ ᠦᠵᠡᠭᠦᠯᠬᠦ ᠳᠤ ᠰᠢᠯᠢᠳᠡᠭ ᠦᠢᠯᠡᠴᠢᠯᠡᠭᠡ ᠬᠠᠨᠭ᠍ᠭᠠᠵᠦ ᠪᠠᠶᠢᠨ᠎ᠠ
ᠨᠡᠶᠢᠲᠡᠯᠡᠭᠰᠡᠨ ᠴᠠᠭ᠄
2024/7/16
     ᠤᠢᠢᠷ᠎ᠠ ᠶᠢᠨ ᠵᠢᠯ ᠳᠤ᠂ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠶᠶ᠎ᠠ᠂ ᠪᠡᠭᠡᠵᠢᠩ ᠪᠤᠯᠤᠨ ᠳᠡᠭᠡᠳᠦ ᠱᠠᠲᠤᠨ ᠤ ᠡᠮᠨᠡᠯᠭᠡ ᠶᠢᠨ ᠬᠤᠷᠶᠶ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠨ ᠡᠮᠴᠢᠯᠡᠭᠡᠨ ᠤ ᠬᠠᠮᠳᠦ ᠶᠢᠨ ᠴᠣᠭᠴᠠ ᠶᠢ ᠪᠠᠶᠢᠭᠤᠯᠵᠤ᠂ ᠲᠤᠰᠬᠠᠢ ᠮᠡᠷᠭᠡᠵᠢᠯᠲᠡᠨ ᠢ ᠤᠷᠢᠵᠤ ᠡᠮᠨᠡᠯᠭᠡ ᠶᠢᠨ ᠬᠤᠷᠢᠶᠠᠨ ᠳᠤ ᠠᠪᠴᠢᠷᠠᠵᠦ᠂ ︽ᠡᠪᠡᠳᠴᠢᠲᠡᠨ ᠬᠥᠳᠡᠯᠬᠦ ᠦᠭᠡᠢ᠂ ᠲᠤᠰᠬᠠᠢ ᠮᠡᠷᠭᠡᠵᠢᠯᠲᠡᠨ ᠬᠥᠳᠡᠯᠬᠦ᠂ ᠡᠬᠢ ᠪᠠᠶᠠᠯᠢᠭ ᠬᠥᠳᠡᠯᠬᠦ︾ ᠡᠪᠡᠳᠴᠢᠨ ᠦᠵᠡᠭᠦᠯᠭᠦ ᠵᠠᠭᠪᠤᠷ ᠢᠶᠠᠷ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠵᠠᠮ ᠬᠤᠯᠠ ᠪᠠᠶᠢᠬᠤ᠂ ᠡᠪᠡᠳᠴᠢᠨ ᠦᠵᠡᠭᠦᠯᠬᠦ ᠳᠤ ᠦᠨ᠎ᠠ ᠲᠠᠢ ᠪᠠᠶᠢᠬᠤ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠵᠦ᠂ ᠡᠪᠡᠳᠴᠢᠲᠡᠨ ᠳᠤ ᠶᠠᠰᠤ ᠴᠢᠨᠠᠷ ᠢᠶᠠᠷ ᠥᠨᠳᠥᠷ ᠡᠮᠴᠢᠯᠡᠭᠡᠨ ᠤ ᠦᠢᠯᠡᠴᠢᠯᠡᠭᠡ ᠬᠦᠷᠲᠡᠭᠡᠪᠡ᠃      ᠤᠶᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠠᠩ ᠹᠦ᠋ ᠶᠢᠨ ᠡᠪᠡᠳᠴᠢᠨ ᠤ ᠪᠠᠶᠢᠳᠡᠯ ᠵᠢᠴᠢ ᠨᠠᠰᠦ ᠠᠬᠢᠵᠦ ᠬᠦᠳᠡᠯᠵᠦ ᠪᠠᠷᠢᠬᠤ ᠳᠠᠭᠠᠨ ᠲᠦᠬᠦᠮ ᠦᠭᠡᠢ ᠪᠠᠶᠢᠳᠡᠯ ᠳᠤ ᠴᠢᠭᠯᠡᠬᠦᠯᠤᠨ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠢ ᠤᠷᠢᠨ ᠠᠪᠴᠢᠷᠠᠵᠦ᠂ ᠮᠡᠰᠡ ᠵᠠᠰᠠᠯ ᠬᠢᠯᠭᠡᠵᠦ᠂ ᠳᠡᠬᠦᠨ ᠳᠤ ᠲᠥᠭᠦᠮ ᠥᠵᠡᠭᠦᠯᠥᠭᠰᠡᠨ ᠮᠦᠷᠳᠡᠭᠡᠨ 6 ᠲᠦᠮᠡ ᠭᠠᠷᠤᠢ ᠲᠦᠬᠦᠷᠢᠭ ᠤᠨ ᠰᠦᠢᠳᠭᠡᠯ ᠢ ᠨᠢ ᠠᠷᠪᠢᠯᠠᠨ ᠦᠭᠬᠦᠭᠰᠡᠨ ᠪᠠᠶᠢᠨ᠎ᠠ᠃     ︽ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠪᠡᠭᠡᠵᠢᠩ ᠬᠤᠳᠠ ᠶᠢᠨ ᠳᠤᠰᠬᠠᠢ ᠮᠡᠷᠭᠡᠵᠢᠯᠳᠡᠨ ᠢ ᠤᠷᠢᠳᠴᠢᠯᠡᠨ ᠪᠤᠯᠵᠤᠨ ᠤᠷᠢᠨ ᠵᠠᠯᠠᠵᠦ᠂ ᠡᠬᠦᠳᠡᠨ ᠡᠮᠦᠨ᠎ᠠ ᠪᠠᠨ ᠮᠠᠰᠠ ᠵᠠᠰᠠᠯ ᠬᠢᠯᠭᠡᠭᠰᠡᠨ ᠨᠢ ᠡᠮᠴᠢᠯᠡᠭᠡᠨ ᠤ ᠵᠠᠷᠤᠳᠠᠯ ᠵᠢᠴᠢ ᠳᠡᠷᠭᠡᠨ ᠰᠦᠢᠳᠭᠡᠯ ᠵᠡᠷᠭᠡ ᠶᠢ ᠶᠡᠭᠡᠪᠡᠷ ᠠᠷᠪᠢᠯᠠᠵᠦ᠂ ᠲᠦᠢᠯ ᠤᠨ ᠲᠦᠬᠦᠮ ᠥᠵᠡᠭᠦᠯᠪᠡ᠃ ᠤᠳᠤ ᠤᠳᠠᠯ ᠦᠭᠡᠢ ᠡᠮᠨᠡᠯᠭᠡ ᠠᠴᠠ ᠭᠠᠷᠬᠤ ᠪᠤᠯᠤᠨ᠎ᠠ︾ ᠭᠡᠵᠦ ᠡᠪᠡᠳᠴᠢᠲᠡᠨ ᠤ ᠭᠡᠷ ᠤᠨ ᠭᠥᠮᠥᠨ ᠵᠠᠩ ᠭᠤᠸᠠᠩ ᠯᠦ ᠶᠠᠷᠢᠯ᠎ᠠ᠃
     ᠣᠶᠢᠷ᠎ᠠ ᠶᠢᠨ ᠵᠢᠯ ᠳᠤ᠂ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ︽ᠭᠠᠳᠠᠭᠰᠢ ᠭᠠᠷᠬᠤ ᠂ ᠤᠷᠢᠵᠤ ᠠᠪᠴᠢᠷᠠᠬᠤ︾ ᠬᠥᠭᠵᠢᠯᠲᠡ ᠶᠢᠨ ᠰᠡᠳᠭᠢᠴᠡ ᠶᠢ ᠪᠠᠷᠢᠮᠲᠠᠯᠠᠨ᠂ ᠡᠮᠴᠢᠯᠠᠬᠡᠨ ᠤ ᠬᠠᠮᠳᠥ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠷᠢᠳ ᠬᠤᠵᠢᠳ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠪᠡᠭᠡᠵᠢᠩ ᠤᠨ  ᠰᠢᠶᠧ ᠾᠧ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠴᠤᠤᠶᠠᠩ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠠᠷᠠᠳ ᠤᠨ ᠠᠭᠠᠷ ᠤᠨ ᠠᠶᠠᠯᠠᠯ ᠤᠨ ᠶᠡᠷᠦᠩᠬᠡᠶ ᠡᠮᠨᠡᠯᠭᠡ ᠶᠢᠨ ᠬᠤᠷᠢᠶ᠎ᠠ᠂ ᠭᠢᠷᠢᠨ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠭᠢᠷᠢᠨ ᠶᠡᠭᠡ ᠰᠤᠷᠭᠠᠭᠤᠯᠢ ᠶᠢᠨ ᠪᠧᠲ᠋ᠢᠶᠦ᠋ᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠬᠠᠷᠪᠢᠨ ᠤ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠳᠥᠷᠪᠡᠳᠦᠭᠡᠷ ᠡᠮᠨᠡᠯᠭᠡ ᠶᠢᠨ ᠬᠤᠷᠢᠶ᠎ᠠ ᠵᠡᠷᠭᠡ ᠡᠮᠨᠡᠯᠭᠡ ᠶᠢᠨ ᠬᠤᠷᠢᠶ᠎ᠠ ᠲᠠᠢ ᠡᠮᠴᠢᠯᠡᠬᠡᠨ ᠤ ᠬᠠᠮᠳᠥ ᠶᠢᠨ ᠴᠣᠭᠴᠠ ᠶᠢ ᠪᠠᠶᠢᠭᠤᠯᠵᠠᠶ᠃ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠮᠡᠷᠭᠡᠵᠢᠯᠲᠡᠨ ᠢ ᠤᠷᠢᠵᠤ ᠡᠮᠨᠡᠯᠭᠡ ᠳᠤ ᠢᠷᠡᠭᠦᠯᠵᠦ ᠡᠮᠨᠡᠭᠦᠯᠤᠨ ᠮᠡᠰᠡ ᠵᠠᠰᠠᠯ ᠬᠢᠯᠭᠡᠵᠦ᠂ ᠴᠢᠨᠠᠷ ᠰᠠᠶᠢᠲᠠᠶ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠥᠷᠭᠡᠨ ᠣᠯᠠᠨ ᠡᠪᠡᠳᠴᠢᠲᠡᠨ ᠳᠤ ᠨᠠᠩ ᠨᠠᠷᠢᠯᠢᠭ ᠣᠨᠣᠴᠠᠳᠡᠢ ᠡᠮᠴᠢᠯᠡᠭᠡ ᠬᠠᠩᠭᠠᠵᠠᠢ᠃ ᠡᠭᠦᠨ ᠤ ᠬᠠᠮᠲᠤ᠂ ᠭᠤᠷᠪᠠᠳᠤᠭᠠᠷ ᠬᠥᠬᠡ ᠳᠡᠰ ᠤᠨ ᠡᠮᠨᠡᠯᠭᠡ ᠶᠢᠨ ᠬᠤᠷᠢᠶ᠎ᠠ ᠶᠢᠨ ᠲᠤᠰᠬᠠᠶ ᠮᠡᠷᠭᠡᠵᠢᠯᠲᠡᠨ ᠤ ︽ᠤᠯᠠᠮᠵᠢᠯᠠᠬᠤ︾᠂ ︽ᠬᠠᠪᠰᠤᠷᠬᠤ︾᠂ ︽ᠳᠠᠭᠠᠭᠤᠯᠬᠤ︾ ᠪᠠᠷ ᠳᠠᠮᠵᠢᠭᠤᠯᠤᠨ᠂ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠦᠬᠦᠶᠢᠯᠡ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠤᠢ᠃
         ᠸᠠᠩ ᠲᠢᠶᠠᠨ ᠲᠢᠶᠠᠨ    ᠴᠧᠨ ᠰᠢᠶᠤᠤ    ᠵᠣᠣ ᠽᠢ ᠯᠦᠩ  ᠰᠡᠭᠦᠳᠡᠷᠯᠡᠨ ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号