ᠪᠠᠶᠠᠨᠭᠤᠣᠯ ᠪᠠᠯᠭᠠᠰᠤ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/7/17
     ᠥᠷᠭᠡᠨ ᠣᠯᠠᠨ ᠡᠮᠡᠭᠲᠡᠶᠢᠴᠦᠳ ᠤᠨ ︽ᠵᠢᠷᠭᠤᠭᠠᠨ ᠦᠭᠦᠯᠡᠪᠤᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠵᠦ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ᠂ ᠡᠮᠡᠭᠲᠡᠶᠢᠴᠦᠳ ᠤᠨ ᠬᠦᠴᠦᠨ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ  ᠶᠢ ᠦᠨᠳᠦᠰᠦᠨ ᠱᠠᠲᠤ ᠲᠡᠶᠢᠰᠢ ᠭᠦᠨᠵᠡᠭᠡᠶᠢᠷᠡᠭᠦᠯᠬᠦ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 16 ᠤ ᠡᠳᠦᠷ᠂ ᠵᠠᠯᠠᠶᠢᠳ  ᠬᠤᠰᠢᠭᠤᠨ ᠤ ᠪᠠᠶᠠᠨᠭᠤᠣᠯ ᠪᠠᠯᠭᠠᠰᠤ ︽ᠠᠨᠠᠷ ᠤᠨ ᠴᠡᠴᠡᠭ ᠢᠶᠠᠷ ᠬᠢᠩᠭᠠᠨ ᠢᠶᠠᠨ  ᠭᠡᠶᠢᠭᠦᠯᠵᠤ  ᠠᠮᠠᠯᠠᠯᠲᠠ ᠪᠠᠨ ᠪᠡᠶᠡᠯᠡᠭᠦᠯᠦᠶ᠎ᠡ︾ ᠭᠡᠬᠦ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃     ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠪᠠᠶᠠᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠭᠴᠢ ᠵᠠᠩ ᠴᠦᠨ ᠶᠠᠨ ᠳᠥᠭᠦᠮ ᠣᠶᠢᠯᠠᠭᠠᠮᠵᠢᠲᠠᠶ ᠦᠭᠡ ᠬᠡᠯᠡ ᠪᠠᠷ  ᠬᠤᠷᠠᠯ ᠳᠤ ᠤᠷᠤᠯᠴᠠᠭᠰᠠᠳ ᠲᠤ ︽ᠵᠢᠷᠭᠤᠭᠠᠨ ᠦᠭᠦᠯᠡᠪᠤᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠣᠳᠣᠷᠬᠠᠶᠢᠯᠠᠨ ᠥᠭᠦᠯᠡᠭᠰᠡᠨ ᠪᠥᠭᠡᠳ ᠪᠥᠬᠦ ᠤᠯᠤᠰ ᠤᠨ ︽3 · 8︾ ᠤ ᠤᠯᠠᠭᠠᠨ ᠲᠤᠭᠴᠢ ᠵᠢᠶᠠᠩ ᡁᠢ ᠬᠤᠸᠠ ᠶᠢᠨ ᠥᠯᠢᠭᠡᠷ ᠢ ᠲᠠᠶᠢᠯᠪᠤᠷᠢᠯᠠᠵᠤ ᠥᠭᠪᠠ᠃ ᠪᠠᠶᠠᠨᠭᠤᠣᠯ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠯᠢ ᠰᠦ᠋ ᠶᠦᠨ ᠬᠤᠷᠠᠯ ᠳᠤ ᠣᠷᠣᠯᠴᠠᠭᠰᠠᠳ ᠢ ︽ᠠᠨᠠᠷ ᠤᠨ ᠴᠡᠴᠡᠭ ᠢᠶᠠᠷ ᠬᠢᠩᠭᠠᠨ ᠢᠶᠠᠨ ᠭᠡᠶᠢᠭᠦᠯᠤᠶ᠎ᠡ︾ ᠭᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ ᠢ ᠪᠡᠶᠡᠯᠡᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠢᠳᠡᠪᠬᠢᠲᠡᠢ ᠤᠷᠢᠶᠠᠯᠠᠪᠠ᠃     ᠳᠠᠷᠠᠭ᠎ᠠ ᠳᠤᠨᠢ᠂ ᠤᠯᠠᠨ ᠢᠶᠠᠷ ᠢᠶᠠᠨ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠤᠲᠤᠭ ᠤᠰᠤ ᠪᠠᠨ ᠬᠠᠶᠢᠷᠠᠯᠠᠬᠤ᠂ ᠡᠩᠬᠡ ᠲᠠᠶᠢᠪᠤᠩ ᠢ ᠡᠷᠬᠢᠮᠯᠡᠬᠦ᠂ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠬᠠᠶᠢᠷᠠᠯᠠᠬᠤ ᠦᠵᠡᠯ ᠰᠠᠨᠠᠭ᠎ᠠ ᠬᠠᠶᠢᠷ᠎ᠠ ᠰᠡᠳᠬᠢᠯᠭᠡ ᠪᠠᠨ ᠢᠯᠡᠳᠬᠡᠵᠡᠢ᠃ ᠤᠬᠠᠭᠤᠯᠤᠨ ᠲᠠᠶᠢᠯᠪᠤᠷᠢᠯᠠᠬᠤ ᠬᠤᠷᠠᠯ ᠤᠨ ᠡᠴᠦᠰ ᠤᠨ ᠭᠤᠭᠴᠤᠭ᠎ᠠ ᠳᠤ᠂ ᠬᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠠᠢ ᠳᠤ ︽ᠠᠨᠠᠷ ᠤᠨ ᠴᠡᠴᠡᠭ ᠢᠶᠠᠷ ᠬᠢᠩᠭᠠᠨ ᠢᠶᠠᠨ  ᠭᠡᠶᠢᠭᠦᠯᠵᠤ  ᠠᠮᠠᠯᠠᠯᠲᠠ ᠪᠠᠨ ᠪᠡᠶᠡᠯᠡᠭᠦᠯᠦᠶ᠎ᠡ︾ ᠭᠡᠬᠦ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ︽ᠵᠢᠷᠭᠤᠭᠠᠨ ᠦᠭᠦᠯᠡᠪᠤᠷᠢ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠬᠥᠷᠰᠢ ᠵᠡᠷᠭᠡᠯᠡᠳᠡᠭᠡ ᠳᠡᠭᠡᠨ ᠳᠠᠮᠵᠢᠭᠤᠯᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠤᠯᠠᠨ ᠲᠦᠮᠡᠨ ᠢ ᠲᠠᠶᠢᠴᠢᠯᠠᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠭᠠᠯ ᠬᠠᠯᠠᠭᠤᠨ ᠦᠢᠯᠡᠳᠦᠯᠭᠡ ᠶᠢᠨ ᠳᠤᠮᠳᠠ ᠦᠵᠡᠰᠬᠦᠯᠡᠩᠲᠦ ᠰᠠᠶᠢᠬᠠᠨ ᠴᠡᠴᠡᠭ ᠢ ᠳᠡᠯᠭᠡᠷᠡᠭᠦᠯᠬᠦ ᠪᠠᠷ ᠠᠮᠠᠯᠳᠠᠪᠠ᠃     ︽ᠲᠣᠰ ᠤᠳᠠᠭᠠᠨ ᠤ ᠠᠵᠢᠯᠯᠠᠭ᠎ᠠ ᠨᠢ ᠦᠨᠳᠦᠰᠦᠲᠡᠨ ᠤ ᠪᠦᠯᠬᠦᠮᠳᠡᠯ ᠤᠨ ᠲᠤᠬᠠᠶ ᠨᠢᠭᠡ ᠤᠳᠠᠭᠠᠨ ᠤ ᠭᠦᠨᠵᠡᠭᠡᠶ ᠰᠣᠯᠢᠯᠴᠠᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠠᠮᠠᠯᠠᠯᠲᠠ ᠪᠠ ᠬᠠᠷᠢᠭᠤᠴᠠᠯᠭ᠎ᠠ ᠶᠢᠨ ᠲᠤᠬᠠᠶ ᠲᠥᠪᠯᠡᠷᠡᠩᠭᠦᠶ ᠦᠵᠡᠭᠦᠯᠭᠡ ᠪᠣᠯᠤᠨ᠎ᠠ᠃ ᠵᠠᠯᠭᠠᠭᠠᠳ ᠪᠠᠶᠠᠨ ᠨᠡᠶᠢᠭᠡᠮ ᠲᠣᠭᠤᠷᠢᠭ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾  ᠭᠡᠵᠤ ᠪᠠᠶᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠯᠢ ᠬᠤᠩ ᠡᠦ ᠬᠡᠯᠡᠪᠡ᠃
 
ᠢᠷᠡᠯᠲᠡ᠄ ᠪᠠᠳᠠᠷᠠᠬᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号