ᠮᠠᠨ ᠤ ᠣᠷᠣᠨ ᠤ 2024 ᠤᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠡᠷᠡᠮᠡᠯᠵᠡᠯ ᠳᠠᠭᠯᠠᠨ᠎ᠠ
ᠨᠡᠶᠢᠲᠡᠯᠡᠭᠰᠡᠨ ᠴᠠᠭ᠄
2024/7/18
   7 ᠰᠠᠷ᠎ᠠ ᠶᠢᠨ 17 ᠤ ᠡᠳᠦᠷ᠂ ᠮᠠᠨ ᠤ ᠤᠷᠤᠨ ᠤ 2024 ᠤᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠡᠷᠡᠮᠡᠯᠵᠡᠯ ᠲᠠᠭᠯᠠᠬᠤ ᠠᠵᠢᠯ ᠶᠠᠪᠤᠭᠳᠠᠨ᠎ᠠ᠃ ᠨᠡᠶᠢᠭᠡᠮ ᠤᠨ ᠰᠢᠨᠵᠢᠯᠡᠬᠦ ᠤᠬᠠᠭᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠷᠤᠭᠴᠢᠳ ᠡᠷᠡᠮᠡᠯᠵᠡᠯ ᠳᠠᠭᠯᠠᠨ᠎ᠠ᠃   ᠡᠷᠡᠮᠡᠯᠵᠡᠯ ᠳᠠᠭᠯᠠᠬᠤ ᠰᠢᠯᠭᠠᠭᠤᠯᠤᠭᠴᠢ ᠶᠢᠨ ᠲᠠᠩᠰᠠ ᠡᠪᠬᠡᠮᠡᠯ ᠥᠭᠬᠦ ᠬᠤᠪᠢ ︵ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠢ ᠬᠤᠪᠢ + ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠤᠪᠢ ᠨᠡᠮᠡᠬᠦ︶ ᠨᠢ ᠡᠷᠬᠡᠪᠰᠢ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠬᠠᠷᠠᠭᠠᠯᠵᠠᠭᠰᠠᠨ ᠰᠢᠨᠵᠢᠯᠡᠬᠡᠨ ᠤ ᠲᠦᠷᠦᠯ ᠤᠨ ᠰᠣᠷᠣᠭᠴᠢ ᠡᠯᠰᠡᠬᠦ ᠬᠢᠵᠠᠭᠠᠷᠯᠠᠬᠤ ᠬᠤᠪᠢ ᠶᠢᠨ ᠱᠤᠭᠤᠮ ᠳᠤ ᠭᠦᠷᠦᠭᠰᠡᠨ ᠪᠠᠶᠢᠬᠤ ᠬᠡᠷᠡᠭᠲᠡᠢ︔ ᠰᠣᠷᠣᠭᠴᠢ ᠡᠯᠰᠡᠬᠦ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠲᠥᠯᠥᠪᠯᠡᠭᠡ ᠶᠢᠨ ᠬᠢᠷᠢ ᠬᠡᠮ ᠢ ᠣᠯᠣᠭᠰᠠᠨ ᠰᠢᠯᠭᠠᠭᠤᠯᠤᠭᠴᠢ ᠰᠠᠶ᠋ᠢ ᠰᠣᠷᠣᠭᠴᠢ ᠡᠯᠰᠡᠬᠦ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠲᠥᠯᠥᠪᠯᠡᠭᠡ ᠶᠢᠨ ᠡᠷᠡᠮᠡᠯᠵᠡᠯ ᠢ ᠲᠠᠭᠯᠠᠨ ᠮᠡᠳᠡᠭᠦᠯᠵᠦ ᠪᠣᠯᠣᠨ᠎ᠠ᠃     7 ᠰᠠᠷ᠎ᠠ ᠶᠢᠨ 17 ᠤ ᠡᠳᠦᠷ ᠤᠨ 8᠄ 00 ᠴᠠᠭ ᠠᠴᠠ ᠡᠬᠢᠯᠡᠨ ᠡᠷᠡᠮᠡᠯᠵᠡᠯ ᠲᠠᠭᠯᠠᠨ᠎ᠠ︔ 10:00 ᠠᠴᠠ ᠰᠡᠭᠦᠯᠡᠷ ᠡᠷᠡᠮᠡᠯᠵᠡᠯ ᠢᠶᠠᠨ ᠬᠠᠰᠤᠵᠤ ᠪᠣᠯᠬᠤ ᠦᠭᠡᠢ᠂ ᠭᠡᠪᠡᠴᠦ ᠰᠢᠨ᠎ᠡ ᠪᠠᠷ ᠡᠷᠡᠮᠡᠯᠵᠡᠯ ᠨᠡᠮᠡᠵᠦ ᠲᠠᠭᠯᠠᠵᠤ ᠪᠣᠯᠣᠨ᠎ᠠ︔ 10:30 ᠠᠴᠠ ᠰᠡᠭᠦᠯᠡᠷ ᠡᠷᠡᠮᠡᠯᠵᠡᠯ ᠢᠶᠠᠨ ᠬᠠᠰᠤᠬᠤ ᠶᠢ ᠵᠥᠪᠰᠢᠶᠡᠷᠡᠬᠦ ᠦᠭᠡᠢ ᠮᠥᠷᠲᠡᠭᠡᠨ ᠰᠢᠨ᠎ᠡ ᠪᠠᠷ ᠨᠡᠮᠡᠵᠦ ᠲᠠᠭᠯᠠᠬᠤ ᠶᠢ ᠴᠤ ᠵᠥᠪᠰᠢᠶᠡᠷᠡᠬᠦ ᠦᠭᠡᠢ᠂ ᠵᠥᠪᠬᠡᠨ ᠡᠷᠡᠮᠡᠯᠵᠡᠯ ᠢᠶᠠᠨ ᠵᠠᠰᠠᠬᠤ ᠶᠢ ᠵᠥᠪᠰᠢᠶᠡᠷᠡᠨ᠎ᠡ᠃ 9᠄ 00 ᠴᠠᠭ ᠲᠤ ᠰᠦᠯᠵᠢᠶᠡᠨ ᠳᠡᠭᠡᠷ᠎ᠡ ᠡᠷᠡᠮᠡᠯᠵᠡᠯ ᠳᠠᠭᠯᠠᠭᠰᠠᠨ ᠪᠦᠷᠢᠳᠬᠡᠯ ᠤᠨ ᠮᠡᠳᠡᠭᠡ ᠵᠠᠩᠭᠢ   ᠶᠢ ᠠᠩᠬ᠎ᠠ ᠤᠳᠠᠭ᠎ᠠ ᠨᠡᠶᠢᠲᠡᠯᠡᠵᠦ᠂ ᠬᠤᠶᠢᠰᠢᠳᠠ ᠴᠠᠭ ᠪᠦᠷᠢ ᠨᠢᠭᠡ ᠤᠳᠠᠭ᠎ᠠ ᠨᠡᠶᠢᠲᠡᠯᠡᠨ᠎ᠡ᠃     ᠡᠷᠡᠮᠡᠯᠵᠡᠯ ᠲᠠᠭᠯᠠᠬᠤ ᠰᠤᠷᠤᠭᠴᠢᠳ ᠤᠨ ᠠᠩᠬᠠᠷᠬᠤ ᠵᠦᠢᠯᠡᠰ ᠬᠡᠪᠡᠯ᠂ ᠰᠢᠯᠭᠠᠭᠤᠯᠤᠭᠴᠢ ᠠᠯᠪᠠᠨ ᠤ ᠪᠤᠰᠤ ᠡᠷᠡᠮᠡᠯᠵᠡᠯ ᠲᠠᠭᠯᠠᠬᠤ ᠰᠢᠰᠲ᠋ᠧᠮ ᠢᠶᠠᠷ ᠡᠷᠡᠮᠡᠯᠵᠡᠯ ᠲᠠᠭᠯᠠᠵᠤ ᠪᠣᠯᠬᠤ ᠦᠭᠡᠢ᠃ ᠡᠷᠡᠮᠡᠯᠵᠡᠯ ᠲᠠᠭᠯᠠᠬᠤ ᠬᠤᠭᠤᠴᠠᠭᠠᠨ ᠳᠤ᠂ ᠬᠡᠷᠪᠡ ᠶᠡᠭᠡ ᠳᠡᠭᠡᠳᠦ ᠰᠤᠷᠭᠠᠭᠤᠯᠢ ᠨᠤᠭᠤᠳ ᠰᠣᠷᠣᠭᠴᠢ ᠶᠢᠨ ᠢᠷᠡᠯᠲᠡ ᠶᠢᠨ ᠪᠠᠶᠢᠳᠠᠯ ᠵᠡᠷᠭᠡ ᠶᠢ ᠦᠨᠳᠦᠰᠦᠯᠡᠨ ᠰᠣᠷᠣᠭᠴᠢ ᠡᠯᠰᠡᠬᠦ ᠲᠥᠯᠥᠪᠯᠡᠭᠡ᠂ ᠲᠠᠩᠰᠠ ᠡᠪᠬᠡᠮᠡᠯ ᠥᠭᠬᠦ ᠬᠠᠷᠢᠴᠠᠯ ᠪᠤᠶᠤ ᠪᠤᠰᠤᠳ ᠬᠠᠮᠢᠶ᠎ᠠ ᠪᠦᠬᠦᠢ ᠠᠭᠤᠯᠭ᠎ᠠ ᠳᠠᠭᠠᠨ ᠲᠣᠬᠢᠷᠠᠭᠤᠯᠤᠯᠲᠠ ᠬᠢᠬᠦ ᠳᠤ ᠭᠦᠷᠪᠡᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠴᠠᠭ ᠲᠤᠬᠠᠢ ᠳᠤᠨᠢ ︽ᠡᠷᠡᠮᠡᠯᠵᠡᠯ ᠲᠠᠭᠯᠠᠬᠤ ᠲᠤᠰᠬᠠᠢ ᠪᠤᠯᠤᠩ︾ ᠢᠶᠠᠷ ᠳᠠᠮᠵᠢᠭᠤᠯᠤᠨ ᠨᠡᠶᠢᠲᠡᠯᠡᠨ᠎ᠡ᠃ ᠰᠢᠯᠭᠠᠭᠤᠯᠤᠭᠴᠢ ᠡᠷᠬᠡᠪᠰᠢ ᠲᠣᠰ ᠲᠤᠰᠬᠠᠢ ᠪᠤᠯᠤᠩ ᠤᠨ ᠨᠡᠶᠢᠲᠡᠯᠡᠭᠰᠡᠨ ᠬᠠᠮᠤᠭ ᠤᠨ ᠰᠢᠨ᠎ᠡ ᠮᠡᠳᠡᠭᠡ ᠵᠠᠩᠭᠢ ᠶᠢ ᠦᠷᠭᠦᠯᠵᠢ ᠪᠠᠶᠢᠴᠠᠭᠠᠨ ᠦᠵᠡᠬᠦ ᠶᠢᠨ ᠬᠠᠮᠲᠤ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠲᠠᠪᠴᠠᠩ ᠤᠨ ᠰᠠᠨᠠᠭᠤᠯᠤᠭᠰᠠᠨ ᠬᠠᠮᠤᠭ ᠤᠨ ᠰᠢᠨ᠎ᠡ ᠮᠡᠳᠡᠭᠡ ᠵᠠᠩᠭᠢ ᠶᠢ ᠠᠩᠬᠠᠷᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠰᠣᠷᠣᠭᠴᠢ ᠡᠯᠰᠡᠬᠦ ᠳᠡᠭᠡᠨ ᠰᠢᠯᠭᠠᠭᠤᠯᠤᠭᠴᠢ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢ ᠪᠣᠳᠣᠯᠬᠢᠯᠠᠬᠤ ᠠᠴᠠ ᠭᠠᠳᠠᠨ᠎ᠠ ᠪᠠᠰᠠ ᠰᠢᠯᠭᠠᠭᠤᠯᠤᠭᠴᠢ ᠶᠢᠨ ᠲᠤᠰᠬᠠᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠤᠳᠤᠯᠬᠢᠯᠠᠨ᠎ᠠ᠃ ᠡᠶᠢᠮᠦ ᠠᠴᠠ ᠰᠢᠯᠭᠠᠭᠤᠯᠤᠭᠴᠢ ᠡᠷᠬᠡᠪᠰᠢ ᠮᠡᠳᠡᠭᠦᠯᠦᠭᠰᠡᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠶᠢᠨ ᠬᠠᠮᠢᠶ᠎ᠠ ᠪᠦᠬᠦᠢ ᠠᠭᠤᠯᠭ᠎ᠠ ᠪᠠ ᠰᠣᠷᠣᠭᠴᠢ ᠡᠯᠰᠡᠬᠦ ᠳᠦᠷᠢᠮ ᠳᠠᠬᠢ ᠰᠣᠷᠣᠭᠴᠢ ᠡᠯᠰᠡᠬᠦ ᠳᠦᠷᠢᠮ ᠵᠢᠴᠢ ᠲᠤᠰᠬᠠᠢ ᠮᠡᠷᠭᠡᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠤᠩᠰᠢᠬᠤ ᠬᠡᠷᠡᠭᠲᠡᠢ᠃ ᠰᠢᠯᠭᠠᠭᠤᠯᠤᠭᠴᠢ ᠡᠷᠬᠡᠪᠰᠢ ᠡᠷᠡᠮᠡᠯᠵᠡᠯ ᠲᠠᠭᠯᠠᠬᠤ ᠲᠣᠭᠲᠠᠭᠰᠠᠨ ᠴᠠᠭ ᠤᠨ ᠳᠣᠲᠣᠷ᠎ᠠ ᠡᠷᠡᠮᠡᠯᠵᠡᠯ ᠢᠶᠠᠨ ᠲᠠᠭᠯᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠡᠷᠡᠮᠡᠯᠵᠡᠯ ᠢᠶᠠᠨ ᠲᠠᠭᠯᠠᠬᠤ ᠦᠭᠡᠢ ᠪᠣᠯ ᠰᠠᠶᠢᠨ ᠳᠤᠷ᠎ᠠ ᠠᠴᠠ ᠪᠠᠨ ᠲᠣᠰ ᠤᠳᠠᠭᠠᠨ ᠤ ᠡᠷᠡᠮᠡᠯᠵᠡᠯ ᠲᠠᠭᠯᠠᠬᠤ ᠡᠷᠬᠡ ᠪᠠᠨ ᠬᠠᠶᠠᠭᠰᠠᠨ ᠢᠶᠠᠷ ᠦᠵᠡᠨ᠎ᠡ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ ᠵᠥᠪᠬᠡᠨ ᠲᠤᠰᠬᠠᠢ ᠮᠡᠷᠭᠡᠵᠢᠯ ᠤᠨ ᠠᠩᠭᠢ ᠳᠤ ᠨᠡᠷ᠎ᠡ ᠮᠡᠳᠡᠭᠦᠯᠬᠦ ᠪᠠᠷ ᠠᠮᠠᠯᠠᠭᠰᠠᠨ ᠰᠢᠯᠭᠠᠭᠤᠯᠤᠭᠴᠢ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠨᠡᠷ᠎ᠡ ᠮᠡᠳᠡᠭᠦᠯᠵᠦ ᠪᠣᠯᠬᠤ ᠦᠭᠡᠢ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号