ᠬᠤᠯᠪᠣᠭ᠎ᠠ ᠪᠠᠯᠭᠠᠰᠤ ᠰᠢᠨᠵᠢᠯᠡᠨ ᠪᠠᠶᠢᠴᠠᠭᠠᠵᠤ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/7/19
   ᠰᠢᠨᠵᠢᠯᠡᠬᠦ ᠤᠬᠠᠭᠠᠨᠴᠢ ᠪᠥᠭᠡᠳ ᠠᠰᠢᠭ ᠲᠤᠰᠠᠲᠠᠶ ᠬᠥᠳᠡᠭᠡ ᠲᠣᠰᠬᠤᠨ ᠤ ᠨᠡᠶᠢᠭᠡᠮ ᠲᠣᠭᠤᠷᠢᠭᠴᠢᠯᠠᠭᠰᠠᠨ ᠥᠪᠡᠷᠲᠡᠭᠡᠨ ᠵᠠᠰᠠᠬᠤ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠬᠤ ᠶᠢᠨ ᠲᠥᠯᠥᠭᠡ᠂ 7 ᠰᠠᠷ᠎ᠠ ᠶᠢᠨ 18 ᠤ ᠡᠳᠦᠷ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠦ ᠶᠦᠩ ᠽᠧ ᠪᠦᠯᠬᠦᠮ ᠳᠠᠭᠠᠭᠤᠯᠤᠨ ᠪᠡᠭᠡᠵᠢᠩ ᠬᠤᠳᠠ ᠶᠢᠨ ᠹᠠᠩ ᠱᠠᠨ ᠲᠣᠭᠤᠷᠢᠭ ᠤᠨ ᠭᠦᠩ ᠴᠧᠨ ᠵᠡᠭᠡᠯᠢ ᠶᠢᠨ ᠨᠠᠨ ᠭᠤᠸᠠᠩ ᠶᠠᠩ ᠴᠧᠩ ᠲᠣᠰᠬᠤᠨ ᠳᠤ ᠬᠦᠷᠴᠦ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠤᠷᠰᠢᠯᠭ᠎ᠠ ᠶᠢ ᠰᠤᠷᠤᠯᠴᠠᠪᠠ᠃    ᠨᠠᠨ ᠭᠤᠸᠠᠩ ᠶᠠᠩ ᠴᠧᠩ ᠲᠣᠰᠬᠤᠨ ᠤ ᠨᠠᠮ ᠤᠨ ᠡᠭᠦᠷ ᠤᠨ ᠱᠦᠵᠢ ᠱᠢ ᠶᠢᠨ ᠴᠢ ᠲᠤᠰ ᠲᠣᠰᠬᠤᠨ ᠤ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠬᠥᠲᠥᠯᠪᠦᠷᠢ ᠪᠠᠷ ᠰᠡᠳᠦᠪ ᠪᠣᠯᠭᠠᠵᠤ᠂ ᠰᠠᠭᠤᠭᠠᠯᠢ ᠠᠷᠠᠳ ᠤᠨ ᠪᠣᠯᠪᠠᠰᠤᠨ ᠠᠵᠢᠯᠯᠠᠭ᠎ᠠ ᠶᠢᠨ ᠬᠤᠪᠢ ᠲᠡᠮᠳᠡᠭᠯᠡᠬᠦ ᠳᠦᠷᠢᠮ ᠤᠨ ᠲᠣᠭᠤᠷᠢᠨ ᠳᠤ ᠱᠠᠩᠨᠠᠵᠤ ᠲᠣᠷᠭᠠᠬᠤ ᠠᠷᠭ᠎ᠠ᠂ ᠰᠠᠭᠤᠭᠠᠯᠢ ᠠᠷᠠᠳ ᠤᠨ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠨ ᠲᠡᠭᠡᠭᠡᠪᠦᠷᠢᠯᠡᠨ ᠰᠢᠳᠪᠤᠷᠢᠯᠡᠬᠦ᠂ ᠨᠡᠶᠢᠭᠡᠮ ᠲᠣᠭᠤᠷᠢᠭ ᠤᠨ ᠲᠦᠷᠢᠶᠡᠰᠦᠨ ᠡᠷᠦᠬᠡ ᠶᠢᠨ ᠬᠠᠮᠢᠶᠠᠷᠤᠯᠲᠠ ᠶᠢᠨ ᠠᠷᠭ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ︽ᠭᠤᠷᠪᠠᠨ ᠥᠩᠭᠡ︾ ᠶᠢᠨ ᠬᠠᠮᠢᠶᠠᠷᠤᠯᠲᠠ᠂ ᠲᠡᠷᠭᠡᠨ ᠪᠠᠶᠢᠷᠢ ᠶᠢᠨ ᠬᠠᠮᠢᠶᠠᠷᠤᠯᠲᠠ᠂ ᠤᠷᠭᠤᠮᠠᠯ ᠤᠨ ᠬᠤᠴᠢᠯᠭ᠎ᠠ ᠶᠢ ᠨᠣᠭᠤᠭᠠᠷᠠᠭᠤᠯᠵᠤ ᠲᠠᠨᠢᠵᠤ ᠠᠪᠬᠤ ᠵᠡᠷᠭᠡ ᠲᠠᠯ᠎ᠠ ᠪᠠᠷ ᠲᠤᠰ ᠲᠣᠰᠬᠤᠨ ᠤ ᠬᠤᠶᠠᠷ ᠵᠥᠪᠯᠡᠯ ᠤᠨ ᠺᠠᠳ᠋ᠷ ᠤᠨ ᠠᠵᠢᠯ ᠤᠨ ᠡᠭᠦᠷᠭᠡ ᠬᠠᠷᠢᠭᠤᠴᠠᠯᠭ᠎ᠠ᠂ ᠰᠠᠭᠤᠭᠠᠯᠢ ᠠᠷᠠᠳ ᠤᠨ ᠡᠭᠦᠷᠭᠡ ᠶᠢ ᠨᠠᠷᠢᠨ ᠲᠣᠳᠣᠷᠬᠠᠢ ᠥᠭᠦᠯᠡᠭᠰᠡᠨ ᠪᠥᠭᠡᠳ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠠᠢ ᠰᠠᠭᠤᠭᠠᠯᠢ ᠠᠷᠠᠳ ᠤᠨ ᠭᠡᠷ᠎ᠡ ᠲᠣᠭᠲᠠᠭᠰᠠᠨ ᠥᠪᠡᠷᠲᠡᠭᠡᠨ ᠵᠠᠰᠠᠬᠤ ᠲᠦᠷᠢᠮ ᠢᠶᠠᠷ ᠳᠠᠮᠵᠢᠭᠤᠯᠤᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠭᠦᠢᠴᠡᠳᠬᠡᠵᠦ᠂ ᠦᠨᠡᠨ ᠬᠦ ᠱᠠᠩᠨᠠᠨ ᠬᠥᠬᠢᠭᠦᠯᠵᠦ ᠦᠨᠡᠨ ᠬᠦ ᠵᠠᠯᠬᠠᠭᠠᠨ ᠴᠡᠭᠡᠷᠯᠡᠭᠦᠯᠦᠨ᠂ ᠬᠠᠮᠢᠶᠠᠷᠤᠯᠲᠠ ᠶᠢᠨ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠪᠠ᠃    ᠲᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠠᠶᠢᠯ ᠲᠣᠰᠬᠤᠨ ᠤ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠠᠵᠢᠯ ᠤᠨ ᠲᠠᠯ᠎ᠠ ᠪᠠᠷ ᠰᠠᠨᠠᠯ ᠢᠶᠠᠨ ᠭᠦᠢᠴᠡᠳ ᠰᠣᠯᠢᠯᠴᠠᠵᠤ᠂ ᠬᠤᠯᠪᠣᠭ᠎ᠠ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠯᠦ ᠶᠦᠩ ᠽᠧ᠂ ᠬᠤᠯᠪᠣᠭ᠎ᠠ ᠪᠠᠯᠭᠠᠰᠤ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠭᠰᠠᠨ ᠦᠷ᠎ᠡ ᠪᠦᠲᠦᠭᠡᠯ ᠢ ᠭᠦᠢᠴᠡᠳ ᠰᠤᠷᠤᠯᠴᠠᠨ ᠲᠤᠯᠢᠳᠠᠵᠤ᠂  ᠬᠤᠯᠪᠤᠭ᠎ᠠ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠡᠷᠢᠭᠦᠨ ᠤ ᠭᠠᠵᠠᠷ ᠣᠷᠣᠨ ᠤ ᠠᠵᠢᠯ ᠤᠨ ᠠᠷᠭ᠎ᠠ ᠬᠢᠳᠡᠯ ᠢ ᠰᠢᠩᠭᠡᠭᠡᠨ ᠠᠪᠴᠤ᠂ ᠳᠠᠷᠠᠭᠠᠴᠢ ᠶᠢᠨ ᠠᠯᠬᠤᠮ ᠳᠤ ᠪᠠᠯᠭᠠᠰᠤ ᠶᠢᠨ ᠪᠦᠬᠦ ᠣᠷᠣᠨ ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠵᠤ ᠲᠥᠪᠬᠢᠨᠡᠭᠦᠯᠬᠦ ᠪᠠᠭ᠎ᠠ ᠲᠣᠭᠤᠷᠢᠭ ᠢ ᠡᠷᠦᠬᠡ ᠬᠤᠯᠪᠣᠭᠠᠯᠠᠨ ᠬᠠᠮᠲᠤᠪᠠᠷ ᠵᠠᠰᠠᠬᠤ᠂ ᠭᠡᠷ᠎ᠡ ᠲᠣᠭᠲᠠᠨ ᠬᠠᠮᠢᠶᠠᠷᠬᠤ᠂ ︽ᠨᠢᠭᠡ ᠬᠤᠷᠠᠯ ᠨᠢᠭᠡ ᠠᠵᠢᠯ ᠲᠦᠷᠦᠯ ᠤᠨ ᠲᠦᠷᠪᠡᠨ ᠳᠤᠭᠤᠶᠢᠯᠠᠩ ᠬᠤᠶᠠᠷ ᠪᠠᠶᠢᠭᠤᠯᠤᠯ︾ ᠤᠨ ᠬᠥᠳᠡᠭᠡ ᠲᠣᠰᠬᠤᠨ ᠤ ᠨᠡᠶᠢᠭᠡᠮ ᠲᠣᠭᠤᠷᠢᠭᠵᠢᠭᠤᠯᠤᠭᠰᠠᠨ ᠵᠠᠰᠠᠯᠲᠠ ᠶᠢᠨ ᠵᠠᠭᠪᠤᠷ ᠲᠤ ᠲᠤᠷᠰᠢᠯᠭ᠎ᠠ ᠬᠤᠷᠠᠮᠳᠤᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号