| ᠡᠯ᠎ᠡ ᠰᠤᠮᠤ᠂ ᠰᠢᠶᠠᠩ᠂ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠪᠠᠶᠢᠭᠤᠯᠭ᠎ᠠ ᠨᠢᠭᠡᠴᠢ ᠳᠤ᠄ | ︽ᠵᠠᠯᠠᠶᠢᠳ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠲᠦᠷ | ᠬᠡᠷᠡᠭᠵᠢᠭᠦᠯᠬᠦ ᠠᠷᠭ᠎ᠠ︾ ᠶᠢ ᠬᠤᠰᠢᠭᠤᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠠᠷᠠᠢ᠃ | 2024 ᠣᠨ ᠤ 6 ᠰᠠᠷ᠎ᠠ ᠶᠢᠨ 27 ᠤ ᠡᠳᠦᠷ | ᠵᠠᠯᠠᠶᠢᠳ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠲᠦᠷ | ᠬᠡᠷᠡᠭᠵᠢᠭᠦᠯᠬᠦ ᠠᠷᠭ᠎ᠠ | ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠨ ᠢᠶᠠᠷ | ᠨᠡᠭᠡᠭᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ ᠲᠠᠶᠢᠴᠢᠯᠠᠨ | ᠵᠢᠯᠣᠭᠤᠳᠴᠤ᠂ ᠬᠠᠷᠠᠯᠲᠠ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠵᠤ᠂ ︽ᠪᠥᠬᠦᠳᠡᠭᠡᠷ ᠢᠶᠠᠷ ᠢᠶᠠᠨ | ᠠᠷᠠᠯᠵᠢᠶᠠᠴᠢᠨ ᠤᠷᠢᠬᠤ᠂ ᠪᠥᠬᠦᠳᠡᠭᠡᠷ ᠢᠶᠠᠷ ᠢᠶᠠᠨ ᠬᠦᠳᠡᠯᠤᠯᠴᠡᠬᠦ︾ ᠠᠷᠠᠯᠵᠢᠶᠠᠴᠢᠨ ᠤᠷᠢᠵᠤ ᠮᠦᠩᠬᠦ ᠣᠷᠣᠭᠤᠯᠤᠨ | ᠠᠪᠴᠢᠷᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠠᠰ | ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ | ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ ᠲᠣᠰ ᠠᠷᠭ᠎ᠠ ᠶᠢ ᠲᠣᠭᠲᠠᠭᠠᠪᠠ᠃ | ᠨᠢᠭᠡᠳᠦᠭᠡᠷ ᠵᠦᠢᠯ ᠠᠵᠢᠯ ᠤᠨ ᠲᠣᠭᠲᠠᠴᠠ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶ᠎ᠠ ᠶᠢᠨ ᠠᠯᠪᠠᠨ ᠬᠡᠷ᠂ ᠬᠢᠩᠭᠠᠨ | ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︿ᠬᠢᠩᠭᠠᠨ ᠠᠶᠢᠮᠠᠭ ᠤᠨ ᠠᠷᠠᠯᠵᠢᠶᠠᠴᠢᠨ ᠤᠷᠢᠵᠤ ᠪᠠᠯᠠ ᠮᠦᠩᠬᠦ | ᠣᠷᠣᠭᠤᠯᠤᠨ ᠠᠪᠴᠢᠷᠠᠬᠤ ︿ᠵᠠᠷᠯᠠᠯ ᠨᠡᠶᠢᠳᠡᠯᠡᠵᠤ ᠲᠠᠶᠢᠨ ᠳᠤ ᠮᠣᠷᠳᠠᠬᠤ﹀ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ | ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠢᠩᠭᠠᠨ ᠨᠠᠮ ᠠᠯᠪᠠᠨ ᠲᠠᠷᠬᠠᠭᠠᠭᠰᠠᠨ ﹇2020﹈ | 4 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤᠨ ᠤ ᠳᠥᠷᠪᠡᠨ ᠶᠡᠭᠡ ᠤᠳᠤᠷᠢᠳᠬᠤ | ᠪᠠᠭ ᠤᠨ ᠭᠤᠤᠯ ᠤᠳᠤᠷᠢᠳᠤᠯᠭ᠎ᠠ ᠠᠴᠠ ᠲᠦᠷᠦᠭᠦᠯᠡᠨ᠂ ᠳᠥᠷᠪᠡᠨ ᠹᠷᠣᠨᠲ ᠬᠤᠪᠢᠶᠠᠨ ᠠᠷᠠᠯᠵᠢᠶᠠᠴᠢᠨ ᠤᠷᠢᠵᠤ | ᠪᠠᠯᠠ ᠮᠦᠩᠬᠦ ᠣᠷᠣᠭᠤᠯᠤᠨ ᠠᠪᠴᠢᠷᠠᠬᠤ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ | 1. ᠬᠤᠰᠢᠭᠤᠨ ᠤ ᠨᠠᠮ ᠤᠨ ᠬᠤᠷᠢᠶ᠎ᠠ ᠶᠢᠨ ᠹᠷᠣᠨᠲ᠄ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠬᠡᠯᠲᠡᠰ᠂ | ᠬᠤᠰᠢᠭᠤᠨ ᠤ ᠨᠠᠮ ᠤᠨ ᠬᠤᠷᠢᠶ᠎ᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ᠂ ᠡᠯ᠎ᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠠᠷᠠᠳ ᠤᠨ ᠪᠦᠯᠬᠦᠮ ᠪᠠᠭᠲᠠᠨ᠎ᠠ᠃ | 2. ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠹᠷᠣᠨᠲ᠄ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ᠂ ᠡᠯ᠎ᠡ ᠲᠤᠰᠬᠠᠢ | ᠵᠥᠪᠯᠡᠯ ᠪᠠ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠭᠳᠠᠨ᠎ᠠ᠃ | 3. ᠬᠤᠰᠢᠭᠤᠨ ᠤ ᠵᠠᠰᠠᠭ ᠤᠨ ᠣᠷᠳᠣᠨ ᠤ ᠹᠷᠣᠨᠲ᠄ ᠬᠤᠰᠢᠭᠤᠨ ᠤ ᠵᠠᠰᠠᠭ ᠤᠨ ᠣᠷᠳᠣᠨ ᠤ ᠬᠠᠷᠢᠶ᠎ᠠ ᠡᠯ᠎ᠡ | ᠰᠠᠯᠠᠭ᠎ᠠ ᠮᠥᠴᠢᠷ᠂ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠰᠢᠭᠤᠳ ᠬᠠᠮᠢᠶᠠᠷᠤᠯᠲᠠ ᠶᠢᠨ ᠪᠠᠶᠢᠭᠤᠯᠭ᠎ᠠ | ᠨᠢᠭᠡᠴᠢ ᠪᠠᠭᠲᠠᠨ᠎ᠠ᠃ | 4 . ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠹᠷᠣᠨᠲ᠄ ᠤᠯᠤᠰ ᠲᠥᠷᠥ ᠶᠢᠨ ᠵᠥᠪᠯᠡᠯᠭᠡᠨ ᠤ | ᠠᠯᠪᠠᠨ ᠬᠡᠷ᠂ ᠡᠯ᠎ᠡ ᠲᠤᠰᠬᠠᠶ ᠵᠥᠪᠯᠡᠯ ᠵᠢᠴᠢ ᠪᠦᠷᠢᠯᠳᠦᠬᠦᠨ ᠪᠠᠶᠢᠭᠤᠯᠭ᠎ᠠ ᠨᠢᠭᠡᠴᠢ ᠪᠠᠭᠲᠠᠨ᠎ᠠ᠃ | ᠡᠯ᠎ᠡ ᠰᠤᠮᠤ ᠰᠢᠶᠠᠩ ᠪᠠᠯᠭᠠᠰᠤ᠂ ᠡᠭᠦᠯᠳᠡᠷ ᠤᠨ ᠮᠠᠯ ᠢ ᠦᠷᠡᠵᠢᠭᠦᠯᠬᠦ ᠲᠥᠪ᠂ ᠨᠠᠮ ᠣᠯᠠᠨ ᠲᠦᠮᠡᠨ ᠤ ᠠᠵᠢᠯ ᠤᠨ | ᠦᠢᠯᠡᠴᠢᠯᠡᠭᠡᠨ ᠤ ᠲᠥᠪ ᠤᠨ ᠢᠳᠡᠪᠬᠢᠲᠡᠶ ᠪᠠᠷ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ | ᠶᠢ ᠵᠣᠷᠢᠭᠵᠢᠭᠤᠯᠤᠨ᠎ᠠ᠃ | ᠬᠤᠶᠠᠳᠤᠭᠠᠷ ᠵᠦᠢᠯ ᠱᠠᠩᠨᠠᠬᠤ ᠬᠡᠪᠴᠢᠶ᠎ᠡ | ᠪᠠᠯᠠ ᠣᠷᠣᠭᠤᠯᠤᠭᠴᠢ ᠨᠢ ᠬᠤᠰᠢᠭᠤᠨ ᠤ ᠭᠠᠳᠠᠨᠠᠬᠢ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ | ᠮᠠᠨ ᠤ ᠬᠤᠰᠢᠭᠤᠨ ᠳᠤ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠢ ᠳᠡᠩᠰᠡᠯᠡᠵᠦ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 500 ᠲᠦᠮᠡᠨ ᠲᠥᠭᠦᠷᠢᠭ ᠵᠢᠴᠢ ᠲᠡᠭᠦᠨ ᠠᠴᠠ | ᠳᠡᠭᠡᠭᠰᠢ ᠳᠤ ᠬᠦᠷᠦᠭᠰᠡᠨ ᠲᠥᠷᠥᠯ ᠵᠦᠢᠯ ︵︽ᠣᠷᠣᠨ ᠠᠯᠤᠰᠯᠠᠭᠰᠠᠨ ᠠᠵᠤ ᠠᠬᠤᠶ︾ ᠶᠢᠨ ᠲᠥᠷᠥᠯ ᠵᠦᠢᠯ | ᠪᠠᠭᠲᠠᠨ᠎ᠠ︶ ᠢ ᠪᠣᠶ ᠪᠣᠯᠭᠠᠪᠠᠯ᠂ ᠴᠥᠮ ᠲᠣᠰ ᠲᠥᠷᠥ ᠶᠢᠨ ᠪᠣᠳᠣᠯᠭ᠎ᠠ ᠶᠢ ᠭᠥᠷᠳᠡᠨ᠎ᠡ᠃ ᠭᠡᠷ ᠭᠠᠵᠠᠷ ᠤᠨ | ᠬᠥᠷᠥᠩᠭᠡ ᠶᠢ ᠨᠡᠭᠡᠭᠡᠨ ᠠᠰᠢᠭᠯᠠᠬᠤ᠂ ᠠᠭᠤᠷᠬᠠᠢ ᠶᠢᠨ ᠡᠬᠢ ᠪᠠᠶᠠᠯᠢᠭ ᠢ ᠠᠩᠬ᠎ᠠ ᠪᠣᠯᠪᠠᠰᠤᠷᠠᠭᠤᠯᠬᠤ᠂ ᠰᠠᠯᠬᠢ ᠭᠡᠷᠡᠯ | ᠴᠠᠬᠢᠯᠭᠠᠨ ᠭᠠᠷᠭᠠᠬᠤ ᠲᠠᠯᠠᠪᠠᠢ ᠶᠢᠨ ᠲᠥᠷᠥᠯ ᠵᠦᠢᠯ ᠡᠭᠦᠨ ᠳᠤ ᠪᠠᠭᠲᠠᠬᠤ ᠦᠭᠡᠢ᠃ | ᠪᠠᠯᠠ ᠣᠷᠣᠭᠤᠯᠤᠭᠴᠢ ᠭᠡᠳᠡᠭ ᠨᠢ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠮᠡᠳᠡᠭᠡ | ᠵᠠᠩᠭᠢ ᠶᠢ ᠬᠠᠮᠤᠭ ᠤᠨ ᠲᠡᠷᠢᠭᠦᠨ ᠳᠤ ᠬᠠᠩᠭᠠᠵᠤ᠂ ᠱᠠᠩᠨᠠᠬᠤ ᠬᠡᠪᠴᠢᠶᠡᠨ ᠳᠤ ᠨᠡᠶᠢᠴᠡᠬᠦ ᠲᠥᠷᠥᠯ ᠵᠦᠢᠯ ᠢ | ᠠᠮᠵᠢᠯᠲᠠ ᠲᠠᠢ ᠣᠷᠣᠭᠤᠯᠤᠨ ᠠᠪᠴᠢᠷᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠪᠠᠶᠢᠭᠠᠯᠢ ᠬᠥᠮᠦᠨ ᠢ ᠵᠢᠭᠠᠵᠤ | ᠪᠣᠶ᠃ | ᠭᠤᠷᠪᠠᠳᠤᠭᠠᠷ ᠵᠦᠢᠯ ᠱᠠᠩᠨᠠᠬᠤ ᠪᠠᠷᠢᠮᠵᠢᠶ᠎ᠠ | ᠲᠣᠰ ᠠᠷᠭ᠎ᠠ ᠶᠢᠨ ᠱᠠᠩᠨᠠᠬᠤ ᠦᠨᠳᠦᠰᠦᠯᠡᠯ ᠪᠣᠯ ᠣᠷᠣᠭᠤᠯᠵᠤ ᠢᠷᠡᠬᠦ ᠲᠥᠷᠥᠯ ᠵᠦᠢᠯ ᠠᠴᠠ ᠪᠣᠶ ᠪᠣᠯᠤᠭᠰᠠᠨ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠪᠣᠯᠤᠨ᠎ᠠ᠂ ᠱᠠᠩᠨᠠᠬᠤ ᠶᠢ ᠪᠤᠳᠤᠬᠤ | ᠦᠶᠡᠯᠡᠯ ᠤᠨ ᠬᠤᠭᠤᠴᠠᠭ᠎ᠠ ᠶᠢ ᠲᠠᠩ ᠭᠠᠭᠴᠠ ᠲᠥᠷᠥᠯ ᠵᠦᠢᠯ ᠤᠨ ᠠᠵᠢᠯ ᠡᠬᠢᠯᠡᠭᠦᠯᠦᠨ ᠲᠤᠭ᠎ᠠ ᠪᠦᠷᠢᠳᠬᠡᠯ ᠤᠨ | ᠬᠥᠮᠥᠷᠭᠡ ᠳᠤ 24 ᠰᠠᠷ᠎ᠠ ᠶᠢᠨ ᠳᠣᠲᠣᠷ᠎ᠠ ᠣᠷᠣᠭᠤᠯᠤᠨ᠎ᠠ᠃ ᠬᠥᠬᠢᠭᠦᠯᠦᠨ ᠱᠠᠩᠨᠠᠬᠤ ᠳᠤ ᠨᠡᠶᠢᠳᠡ ᠭᠤᠷᠪᠠᠨ ᠳᠡᠰ | ᠭᠠᠷᠭᠠᠵᠤ᠂ ᠵᠢᠯ ᠪᠦᠷᠢ ᠨᠢᠭᠡ ᠤᠳᠠᠭ᠎ᠠ ᠦᠨᠡᠯᠡᠨ ᠲᠣᠭᠲᠠᠭᠠᠨ᠎ᠠ᠃ ᠨᠢᠭᠡᠳᠦᠭᠡᠷ ᠳᠡᠰ᠄ ᠣᠷᠣᠭᠤᠯᠵᠤ ᠢᠷᠡᠬᠦ | ᠲᠥᠷᠥᠯ ᠵᠦᠢᠯ ᠤᠨ ᠪᠣᠶ ᠪᠣᠯᠭᠠᠭᠰᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 500 ᠲᠦᠮᠡᠨ | ᠲᠥᠭᠦᠷᠢᠭ ᠠᠴᠠ 1000 ᠲᠦᠮᠡᠨ ᠲᠥᠭᠦᠷᠢᠭ ᠲᠤ ᠬᠦᠷᠦᠭᠦᠯᠦᠨ᠎ᠡ︔ ᠬᠤᠶᠠᠳᠤᠭᠠᠷ ᠳᠡᠰ᠄ ᠣᠷᠣᠭᠤᠯᠵᠤ ᠢᠷᠡᠬᠦ | ᠲᠥᠷᠥᠯ ᠵᠦᠢᠯ ᠤᠨ ᠪᠣᠶ ᠪᠣᠯᠭᠠᠭᠰᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 1000 ᠲᠦᠮᠡᠨ | ᠲᠥᠭᠦᠷᠢᠭ ᠠᠴᠠ 2000 ᠲᠦᠮᠡᠨ ᠲᠥᠭᠦᠷᠢᠭ ᠲᠤ ᠬᠦᠷᠦᠭᠦᠯᠦᠨ᠎ᠡ︔ ᠭᠤᠷᠪᠠᠳᠤᠭᠠᠷ ᠳᠡᠰ᠄ ᠣᠷᠣᠭᠤᠯᠵᠤ ᠢᠷᠡᠬᠦ | ᠲᠥᠷᠥᠯ ᠵᠦᠢᠯ ᠤᠨ ᠪᠣᠶ ᠪᠣᠯᠭᠠᠭᠰᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 2000 ᠲᠦᠮᠡᠨ | ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ | 1. ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠪᠠᠶᠢᠭᠠᠯᠢ ᠬᠥᠮᠦᠨ ︵ᠣᠷᠣᠨ ᠲᠤᠭ᠎ᠠ ᠨᠢ ᠬᠤᠰᠢᠭᠤᠨ ᠳᠣᠲᠣᠷ᠎ᠠ | ᠪᠠᠶᠢᠬᠤ ᠥᠬᠡᠶ ᠠᠯᠪᠠᠨ ᠲᠤᠰᠢᠶᠠᠯᠲᠠᠨ ᠪᠠᠭᠲᠠᠨ᠎ᠠ᠂ ᠪᠥᠬᠦ ᠬᠤᠰᠢᠭᠤᠨ ᠤ ᠺᠠᠳ᠋ᠷ ᠠᠵᠢᠯᠲᠠᠨ ᠠᠵᠢᠯᠴᠢᠨ ᠪᠠ ᠰᠠᠯᠠᠭ᠎ᠠ | ᠮᠥᠴᠢᠷ ᠨᠢᠭᠡᠴᠢ ᠪᠠᠭᠲᠠᠬᠤ ᠥᠬᠡᠶ︶᠄ ᠨᠢᠭᠡᠳᠦᠭᠡᠷ ᠳᠡᠰ ᠲᠤ ᠤᠷᠤᠭᠰᠠᠳ ᠢ 1 ᠲᠦᠮᠡᠨ ᠲᠥᠭᠦᠷᠢᠭ ᠢᠶᠠᠷ | ᠱᠠᠩᠨᠠᠵᠤ᠂ ᠬᠤᠶᠠᠳᠤᠭᠠᠷ ᠳᠡᠰ ᠲᠤ ᠤᠷᠤᠭᠰᠠᠳ ᠢ 2 ᠲᠦᠮᠡᠨ ᠲᠥᠭᠦᠷᠢᠭ ᠢᠶᠠᠷ ᠱᠠᠩᠨᠠᠵᠤ᠂ ᠭᠤᠷᠪᠠᠳᠤᠭᠠᠷ | ᠳᠡᠰ ᠲᠤ ᠤᠷᠤᠭᠰᠠᠳ ᠢ ᠬᠤᠶᠠᠳᠤᠭᠠᠷ ᠳᠡᠰ ᠤᠨ ᠰᠠᠭᠤᠷᠢᠨ ᠳᠡᠭᠡᠷ᠎ᠡ 1000 ᠲᠦᠮᠡᠨ ᠲᠥᠭᠦᠷᠢᠭ ᠤᠨ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠮᠡᠬᠦ ᠪᠦᠷᠢ 1 ᠲᠦᠮᠡᠨ ᠲᠥᠭᠦᠷᠢᠭ ᠢᠶᠠᠷ ᠱᠠᠩᠨᠠᠨ᠎ᠠ᠃ ᠡᠭᠦᠨᠴᠢᠯᠡᠨ | ᠪᠤᠳᠤᠪᠠᠯ᠂ ᠲᠠᠩ ᠭᠠᠭᠴᠠ ᠲᠥᠷᠥᠯ ᠵᠦᠢᠯ ᠤᠨ ᠱᠠᠩᠨᠠᠯ ᠤᠨ ᠳᠡᠭᠡᠳᠦ ᠬᠢᠵᠠᠭᠠᠷ ᠢ 200 ᠲᠦᠮᠡᠨ ᠲᠥᠭᠦᠷᠢᠭ | ᠣᠷᠣᠭᠤᠯᠵᠤ᠂ ᠣᠯᠠᠨ ᠲᠥᠷᠥᠯ ᠵᠦᠢᠯ ᠤᠨ ᠱᠠᠩᠨᠠᠯ ᠢ ᠬᠤᠷᠠᠮᠳᠤᠭᠤᠯᠤᠨ ᠨᠡᠮᠡᠵᠦ ᠪᠣᠯᠤᠨ᠎ᠠ᠂ ᠳᠡᠭᠡᠳᠦ ᠬᠢᠵᠠᠭᠠᠷ ᠢ | ᠲᠣᠭᠲᠠᠭᠠᠬᠤ ᠥᠬᠡᠶ᠃ | 2. ᠪᠥᠬᠦ ᠬᠤᠰᠢᠭᠤᠨ ᠤ ᠺᠠᠳ᠋ᠷ ᠠᠵᠢᠯᠲᠠᠨ ᠠᠵᠢᠯᠴᠢᠨ᠄ ᠨᠥᠬᠦᠴᠡᠯ ᠳᠤ ᠨᠡᠶᠢᠴᠡᠪᠡᠯ᠂ ᠠᠳᠠᠯᠢ ᠨᠥᠬᠦᠴᠡᠯ ᠤᠨ | ᠳᠣᠤᠷ᠎ᠠ᠂ ᠨᠢᠭᠡᠳᠦᠭᠡᠷ ᠳᠡᠰ ᠤᠨ ᠣᠨ ᠤ ᠬᠢᠨᠠᠨ ᠰᠢᠯᠭᠠᠯᠲᠠ ᠶᠢ ᠤᠷᠢᠳᠠᠪᠠᠷ ᠰᠢᠯᠢᠳᠡᠭ ᠲᠠᠰ ᠢᠶᠠᠷ ᠰᠣᠩᠭᠤᠨ | ᠲᠠᠨᠢᠯᠴᠠᠭᠤᠯᠵᠤ᠂ ᠬᠤᠶᠠᠳᠤᠭᠠᠷ ᠳᠡᠰ ᠤᠨ ᠣᠨ ᠤ ᠬᠢᠨᠠᠨ ᠰᠢᠯᠭᠠᠯᠲᠠ ᠶᠢ ᠤᠷᠢᠳᠠᠪᠠᠷ ᠰᠢᠯᠢᠳᠡᠭ ᠲᠠᠰ ᠢᠶᠠᠷ | ᠰᠣᠩᠭᠤᠨ ᠲᠠᠨᠢᠯᠴᠠᠭᠤᠯᠬᠤ ᠪᠤᠶᠤ ᠲᠤᠰᠢᠶᠠᠯ ᠤᠨ ᠲᠠᠰ ᠤᠨ ᠮᠡᠷᠭᠡᠵᠢᠯ ᠤᠨ ᠴᠣᠯᠠ ᠶᠢ ᠤᠷᠢᠳ ᠢᠶᠠᠷ ᠰᠣᠩᠭᠤᠨ | ᠳᠡᠪᠰᠢᠭᠦᠯᠦᠨ᠎ᠡ︔ ᠭᠤᠷᠪᠠᠳᠤᠭᠠᠷ ᠳᠡᠰ ᠲᠤ ᠲᠤᠰᠢᠶᠠᠯ ᠤᠨ ᠳᠡᠰ ᠤᠨ ᠮᠡᠷᠭᠡᠵᠢᠯ ᠤᠨ ᠴᠣᠯᠠ ᠶᠢ ᠳᠡᠪᠰᠢᠭᠦᠯᠬᠦ ᠪᠠᠷ | ᠤᠷᠢᠳᠠᠪᠠᠷ ᠲᠠᠨᠢᠯᠴᠠᠭᠤᠯᠬᠤ ᠪᠤᠶᠤ ᠤᠷᠢᠳᠠᠪᠠᠷ ᠲᠠᠨᠢᠯᠴᠠᠭᠤᠯᠵᠤ ᠤᠯᠠᠮ ᠨᠢᠭᠡ ᠠᠯᠬᠤᠮ ᠬᠡᠷᠡᠭᠯᠡᠨ᠎ᠡ᠃ ᠲᠠᠩ ᠭᠠᠭᠴᠠ | ᠲᠥᠷᠥᠯ ᠵᠦᠢᠯ ᠨᠢ ᠱᠠᠩᠨᠠᠬᠤ ᠶᠢ ᠪᠤᠳᠤᠬᠤ ᠦᠶᠡᠯᠡᠯ ᠤᠨ ᠬᠤᠭᠤᠴᠠᠭᠠᠨ ᠳᠤ᠂ ᠪᠠᠯᠠ ᠣᠷᠣᠭᠤᠯᠤᠭᠴᠢ ᠨᠢ ᠵᠥᠪᠬᠡᠨ | ᠨᠢᠭᠡ ᠯᠡ ᠤᠳᠠᠭ᠎ᠠ ᠱᠠᠩᠨᠠᠬᠤ ᠪᠠᠷ ᠭᠤᠶᠤᠴᠢᠯᠠᠵᠤ ᠪᠣᠯᠤᠨ᠎ᠠ᠃ | 3. ᠰᠠᠯᠠᠭ᠎ᠠ ᠮᠥᠴᠢᠷ ᠪᠠᠶᠢᠭᠤᠯᠭ᠎ᠠ ᠨᠢᠭᠡᠴᠢ᠄ ᠨᠢᠭᠡᠳᠦᠭᠡᠷ ᠳᠡᠰ ᠲᠤ᠂ ᠣᠨ ᠤ ᠪᠣᠳᠠᠲᠤ ᠠᠮᠵᠢᠯᠲᠠ ᠶᠢᠨ ᠬᠢᠨᠠᠨ | ᠰᠢᠯᠭᠠᠯᠲᠠ ᠳᠤ 0.5 ᠬᠤᠪᠢ ᠨᠡᠮᠡᠵᠦ᠂ 5 ᠲᠦᠮᠡᠨ ᠲᠥᠭᠦᠷᠢᠭ ᠤᠨ ᠠᠵᠢᠯ ᠤᠨ ᠵᠠᠷᠤᠳᠠᠯ ᠢ ᠱᠠᠩᠨᠠᠨ᠎ᠠ᠂ | ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠨᠥᠬᠦᠴᠡᠯ ᠳᠤ ᠨᠡᠶᠢᠴᠡᠪᠡᠯ᠂ ᠠᠳᠠᠯᠢ ᠨᠥᠬᠦᠴᠡᠯ ᠤᠨ ᠳᠣᠤᠷ᠎ᠠ | ᠤᠷᠢᠳᠠᠪᠠᠷ ᠰᠢᠯᠢᠳᠡᠭ ᠢᠶᠠᠷ ᠬᠢᠨᠠᠨ ᠲᠣᠭᠲᠠᠭᠠᠨ᠎ᠠ︔ ᠬᠤᠶᠠᠳᠤᠭᠠᠷ ᠳᠡᠰ ᠲᠤ᠂ ᠣᠨ ᠤ ᠪᠣᠳᠠᠲᠤ ᠠᠮᠵᠢᠯᠲᠠ ᠶᠢᠨ | ᠬᠢᠨᠠᠨ ᠰᠢᠯᠭᠠᠯᠲᠠ ᠳᠤ 1 ᠬᠤᠪᠢ ᠨᠡᠮᠡᠵᠦ᠂ ᠱᠠᠩᠨᠠᠯ ᠤᠨ ᠠᠵᠢᠯ ᠤᠨ ᠵᠠᠷᠤᠳᠠᠯ 10 ᠲᠦᠮᠡᠨ ᠲᠥᠭᠦᠷᠢᠭ᠂ | ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠨᠢ ᠨᠥᠬᠦᠴᠡᠯ ᠳᠤ ᠨᠡᠶᠢᠴᠡᠪᠡᠯ᠂ ᠠᠳᠠᠯᠢ ᠨᠥᠬᠦᠴᠡᠯ ᠤᠨ ᠳᠣᠤᠷ᠎ᠠ | ᠤᠷᠢᠳᠠᠪᠠᠷ ᠰᠢᠯᠢᠳᠡᠭ ᠲᠠᠰ ᠢᠶᠠᠷ ᠲᠠᠨᠢᠯᠴᠠᠭᠤᠯᠬᠤ ᠪᠤᠶᠤ ᠲᠤᠰᠢᠶᠠᠯ ᠤᠨ ᠲᠠᠰ ᠤᠨ ᠮᠡᠷᠭᠡᠵᠢᠯ ᠤᠨ ᠴᠣᠯᠠ ᠶᠢ | ᠳᠡᠪᠰᠢᠭᠦᠯᠬᠦ ᠪᠠᠷ ᠲᠠᠨᠢᠯᠴᠠᠭᠤᠯᠤᠨ᠎ᠠ︔ ᠭᠤᠷᠪᠠᠳᠤᠭᠠᠷ ᠳᠡᠰ ᠤᠨ ᠣᠨ ᠤ ᠪᠣᠳᠠᠲᠤ ᠠᠮᠵᠢᠯᠲᠠ ᠶᠢᠨ ᠬᠢᠨᠠᠨ | ᠰᠢᠯᠭᠠᠯᠲᠠ ᠳᠤ 2 ᠬᠤᠪᠢ ᠨᠡᠮᠡᠵᠦ᠂ ᠱᠠᠩᠨᠠᠯ ᠤᠨ ᠠᠵᠢᠯ ᠤᠨ ᠵᠠᠷᠤᠳᠠᠯ 15 ᠲᠦᠮᠡᠨ ᠲᠥᠭᠦᠷᠢᠭ᠂ ᠨᠢᠭᠡᠴᠢ ᠶᠢᠨ | ᠭᠤᠤᠯ ᠬᠠᠷᠢᠭᠤᠴᠠᠯᠭᠠᠲᠠᠨ ᠨᠥᠬᠦᠳ ᠨᠢ ᠨᠥᠬᠦᠴᠡᠯ ᠳᠤ ᠨᠡᠶᠢᠴᠡᠪᠡᠯ᠂ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ | ᠲᠤᠰᠢᠶᠠᠯ ᠤᠨ ᠲᠠᠰ ᠤᠨ ᠮᠡᠷᠭᠡᠵᠢᠯ ᠤᠨ ᠴᠣᠯᠠ ᠶᠢ ᠳᠡᠪᠰᠢᠭᠦᠯᠬᠦ ᠪᠤᠶᠤ ᠤᠷᠢᠳᠠᠪᠠᠷ ᠲᠠᠨᠢᠯᠴᠠᠭᠤᠯᠵᠤ ᠤᠯᠠᠮ ᠨᠢᠭᠡ | ᠠᠯᠬᠤᠮ ᠬᠡᠷᠡᠭᠯᠡᠨ᠎ᠡ᠃ ᠡᠭᠦᠨ ᠤ ᠰᠠᠭᠤᠷᠢᠨ ᠳᠡᠭᠡᠷ᠎ᠡ᠂ ᠣᠷᠣᠭᠤᠯᠵᠤ ᠢᠷᠡᠬᠦ ᠲᠥᠷᠥᠯ ᠵᠦᠢᠯ ᠳᠤ 500 ᠲᠦᠮᠡᠨ | ᠲᠥᠭᠦᠷᠢᠭ ᠨᠡᠮᠡᠭᠳᠡᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠣᠳᠠᠲᠤ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠳᠤ 0.5 ᠬᠤᠪᠢ ᠨᠡᠮᠡᠵᠦ᠂ ᠨᠡᠶᠢᠲᠡ ᠬᠤᠪᠢ ᠨᠡᠮᠡᠬᠦ ᠳᠤ ᠳᠡᠭᠡᠳᠦ ᠬᠢᠵᠠᠭᠠᠷ ᠭᠠᠷᠭᠠᠬᠤ ᠥᠬᠡᠶ᠃ | ᠲᠠᠩ ᠭᠠᠭᠴᠠ ᠲᠥᠷᠥᠯ ᠵᠤᠶᠢᠯ ᠨᠢ ᠱᠠᠩᠨᠠᠬᠤ ᠶᠢ ᠪᠤᠳᠤᠬᠤ ᠦᠶᠡᠯᠡᠯ ᠤᠨ ᠬᠤᠭᠤᠴᠠᠭᠠᠨ ᠳᠤ᠂ ᠪᠠᠯᠠ ᠣᠷᠣᠭᠤᠯᠵᠤ | ᠠᠪᠴᠢᠷᠠᠬᠤ ᠨᠢᠭᠡᠴᠢ ᠨᠢ ᠵᠥᠪᠬᠡᠨ ᠨᠢᠭᠡ ᠯᠡ ᠤᠳᠠᠭ᠎ᠠ ᠱᠠᠩᠨᠠᠬᠤ ᠪᠠᠷ ᠭᠤᠶᠤᠴᠢᠯᠠᠵᠤ ᠪᠣᠯᠤᠨ᠎ᠠ᠃ | ᠳᠥᠷᠪᠡᠳᠦᠭᠡᠷ ᠵᠦᠢᠯ ᠱᠠᠩᠨᠠᠯ ᠬᠦᠬᠢᠭᠦᠯᠤᠯ ᠢ ᠪᠡᠶᠡᠯᠡᠭᠦᠯᠬᠦ | ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠲᠤᠭ᠎ᠠ ᠪᠦᠷᠢᠳᠬᠡᠯ ᠤᠨ ᠬᠥᠮᠥᠷᠭᠡ ᠳᠤ ᠣᠷᠣᠭᠤᠯᠤᠭᠰᠠᠨ ᠤ | ᠳᠠᠷᠠᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠯᠠ ᠣᠷᠣᠭᠤᠯᠤᠭᠴᠢ ᠶᠢᠨ ᠬᠢᠷᠢ | ᠬᠡᠮ ᠢ ᠮᠡᠳᠡᠭᠦᠯᠦᠨ ᠳᠠᠩᠰᠠᠯᠠᠭᠤᠯᠵᠤ ᠪᠣᠯᠤᠨ᠎ᠠ᠂ ᠣᠨ ᠤ ᠮᠡᠳᠡᠭᠦᠯᠬᠦ ᠬᠤᠭᠤᠴᠠᠭ᠎ᠠ ᠨᠢ ᠲᠤᠬᠠᠶ ᠶᠢᠨ ᠵᠢᠯ ᠤᠨ 12 | ᠰᠠᠷ᠎ᠠ ᠶᠢᠨ 31 ᠤ ᠡᠳᠦᠷ ᠠᠴᠠ ᠡᠮᠦᠨ᠎ᠡ ᠪᠣᠯᠤᠨ᠎ᠠ᠃ ᠲᠥᠷᠥᠯ ᠵᠦᠢᠯ ᠤᠨ ᠱᠠᠩᠨᠠᠯ ᠢ ᠪᠤᠳᠤᠬᠤ ᠦᠶᠡᠯᠡᠯ ᠤᠨ | ᠬᠤᠭᠤᠴᠠᠭᠠᠨ ᠳᠤ ᠮᠡᠳᠡᠭᠦᠯᠵᠦ ᠳᠠᠩᠰᠠᠯᠠᠭᠤᠯᠬᠤ ᠬᠥᠮᠦᠨ ᠥᠬᠡᠶ ᠪᠣᠯ ᠱᠠᠩᠨᠠᠯ ᠢ ᠲᠠᠶᠠᠭᠳᠠᠭᠰᠠᠨ ᠢᠶᠠᠷ ᠦᠵᠡᠨ᠎ᠡ᠃ | ᠲᠥᠷᠥᠯ ᠵᠦᠢᠯ ᠨᠢᠭᠡᠪᠦᠷᠢ ᠶᠢᠨ ᠱᠠᠩᠨᠠᠬᠤ ᠡᠲᠡᠭᠡᠳ ᠢ ᠠᠩᠬ᠎ᠠ ᠤᠳᠠᠭ᠎ᠠ ᠳᠠᠩᠰᠠᠯᠠᠭᠤᠯᠤᠭᠰᠠᠨ ᠪᠠᠯᠠ ᠣᠷᠣᠭᠤᠯᠤᠨ | ᠠᠪᠴᠢᠷᠠᠭᠴᠢ ᠪᠠᠷ ᠪᠠᠷᠢᠮᠵᠢᠶ᠎ᠠ ᠪᠣᠯᠭᠠᠵᠤ᠂ ᠠᠳᠠᠯᠢ ᠨᠢᠭᠡ ᠲᠥᠷᠥᠯ ᠵᠤᠶᠢᠯ ᠳᠤ ᠵᠠᠷᠴᠢᠮ ᠳᠡᠭᠡᠷ᠎ᠡ ᠪᠠᠨ ᠵᠥᠪᠬᠡᠨ | ᠨᠢᠭᠡ ᠯᠡ ᠪᠠᠯᠠ ᠣᠷᠣᠭᠤᠯᠤᠨ ᠠᠪᠴᠢᠷᠠᠭᠴᠢ ᠶᠢ ᠮᠠᠭᠠᠳᠯᠠᠨ ᠲᠣᠭᠲᠠᠭᠠᠨ᠎ᠠ᠃ | ᠣᠨ ᠤ ᠱᠠᠩᠨᠠᠯ ᠤᠨ ᠦᠨᠳᠦᠰᠦᠯᠡᠯ ᠪᠣᠯ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯᠠᠬᠢ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠶᠢᠲᠡ ᠲᠤᠭ᠎ᠠ ᠬᠡᠮᠵᠢᠶ᠎ᠡ ᠪᠣᠯᠤᠨ᠎ᠠ᠂ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢ ᠪᠦᠷᠢᠳᠬᠡᠵᠦ ᠬᠠᠷᠢᠭᠤ ᠲᠤᠰᠬᠠᠭᠰᠠᠨ ᠲᠤᠭ᠎ᠠ ᠪᠠᠷᠢᠮᠲᠠ ᠪᠠᠷ ᠪᠠᠷᠢᠮᠵᠢᠶ᠎ᠠ | ᠪᠣᠯᠭᠠᠨ᠎ᠠ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠱᠠᠩᠨᠠᠯ ᠤᠨ ᠰᠠᠨᠠᠭᠤᠯᠭ᠎ᠠ ᠶᠢᠨ | ᠲᠥᠰᠦᠯ ᠢ ᠬᠠᠷᠢᠭᠤᠴᠠᠨ ᠲᠤᠰᠢᠶᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ | ᠬᠢᠨᠠᠨ ᠲᠣᠭᠲᠠᠭᠠᠯᠭᠠᠨ᠎ᠠ᠃ ᠱᠠᠩᠨᠠᠯ ᠣᠯᠭᠤᠬᠤ ᠶᠢ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠵᠢᠯ ᠤᠨ ᠡᠴᠦᠰ ᠤᠨ ᠬᠢᠨᠠᠨ ᠰᠢᠯᠭᠠᠯᠲᠠ ᠲᠠᠢ ᠵᠡᠷᠭᠡᠪᠡᠷ ᠶᠠᠪᠤᠭᠳᠠᠭᠤᠯᠤᠨ᠎ᠠ᠃ | ᠲᠠᠪᠤᠳᠤᠭᠠᠷ ᠵᠦᠢᠯ ᠠᠵᠢᠯ ᠤᠨ ᠪᠠᠲᠤᠯᠠᠭ᠎ᠠ | 1. ᠦᠢᠯᠡᠴᠢᠯᠡᠭᠡᠨ ᠤ ᠪᠠᠲᠤᠯᠠᠭ᠎ᠠ᠄ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠲᠥᠷᠥᠯ | ᠵᠦᠢᠯ ᠳᠤ ᠭᠡᠷ᠎ᠡ ᠲᠣᠭᠲᠠᠭᠰᠠᠨ ᠤ ᠳᠠᠷᠠᠭ᠎ᠠ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠤᠰᠢᠭᠤᠨ ᠤ ᠱᠠᠲᠤᠨ ᠤ | ᠤᠳᠤᠷᠢᠳᠤᠯᠭ᠎ᠠ ᠬᠠᠷᠢᠭᠤᠴᠠᠬᠤ ᠲᠦᠷᠢᠮ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠲᠤᠰᠬᠠᠶ ᠵᠤᠶᠢᠯ ᠢᠶᠠᠷ | ᠠᠬᠢᠭᠤᠯᠬᠤ ᠲᠦᠷᠢᠮ ᠢ ᠬᠡᠷᠡᠭᠵᠢᠭᠦᠯᠵᠦ᠂ ᠲᠥᠷᠥᠯ ᠵᠤᠶᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ | ᠂ ᠪᠣᠳᠠᠲᠠᠶᠢᠵᠢᠭᠤᠯᠤᠨ ᠠᠵᠢᠯ ᠡᠬᠢᠯᠡᠭᠦᠯᠬᠦ ᠪᠠ ᠦᠢᠯᠡᠳᠪᠤᠷᠢᠯᠡᠵᠤ ᠡᠵᠡᠩᠨᠡᠬᠦ ᠵᠡᠷᠭᠡ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ | 2. ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠄ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ | ᠭᠤᠤᠯ ᠤᠳᠤᠷᠢᠳᠤᠯᠭ᠎ᠠ ᠲᠦᠷᠦᠭᠦᠯᠡᠨ ᠵᠢᠯᠣᠭᠤᠳᠬᠤ᠂ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠪᠠ ᠲᠣᠰ | ᠹᠷᠣᠨᠲ ᠤᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠠᠵᠢᠯ ᠢ ᠥᠷᠨᠢᠭᠦᠯᠬᠦ ᠶᠢ | ᠬᠠᠷᠢᠭᠤᠴᠠᠨ᠎ᠠ᠃ ᠬᠤᠰᠢᠭᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠠᠵᠤ ᠦᠢᠯᠡᠳᠪᠤᠷᠢ ᠶᠢᠨ | ᠬᠦᠷᠢᠶᠡᠯᠡᠩ ᠲᠣᠭᠤᠷᠢᠭ᠂ ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠵᠡᠷᠭᠡ ᠰᠠᠯᠠᠭ᠎ᠠ | ᠮᠥᠴᠢᠷ ᠤᠳ ᠲᠣᠰ ᠬᠦᠷᠢᠶᠡᠨ ᠳᠠᠬᠢ ᠠᠷᠠᠯᠵᠢᠶᠠᠴᠢᠨ ᠤᠷᠢᠬᠤ ᠠᠵᠢᠯᠯᠠᠭ᠎ᠠ ᠳᠤ ᠪᠣᠳᠠᠲᠠᠶ ᠲᠤᠬᠠᠶᠢᠯᠠᠭᠰᠠᠨ | ᠠᠵᠢᠯ ᠤᠨ ᠵᠢᠯᠣᠭᠤᠳᠣᠯᠭ᠎ᠠ ᠥᠭᠴᠦ᠂ ᠭᠤᠸᠠᠩᠳᠦ᠋ᠩ᠂ ᠱᠠᠨᠳᠦ᠋ᠩ ᠵᠡᠷᠭᠡ ᠭᠠᠵᠠᠷ ᠤᠨ ᠠᠷᠠᠯᠵᠢᠶᠠᠴᠢᠨ ᠤᠷᠢᠵᠤ | ᠪᠠᠯᠠ ᠮᠦᠩᠬᠦ ᠣᠷᠣᠭᠤᠯᠤᠨ ᠠᠪᠴᠢᠷᠠᠬᠤ ᠠᠵᠢᠯ ᠢ ᠭᠤᠤᠯᠳᠠᠯᠭ᠎ᠠ ᠲᠠᠢ ᠵᠣᠯᠭᠠᠭᠤᠯᠬᠤ ᠠᠵᠢᠯ ᠢ ᠬᠠᠷᠢᠭᠤᠴᠠᠨ᠎ᠠ᠃ | ᠬᠤᠰᠢᠭᠤᠨ ᠤ ᠬᠠᠮᠲᠤᠷᠠᠯᠴᠠᠭ᠎ᠠ ᠰᠣᠯᠢᠯᠴᠠᠭᠠᠨ ᠤ ᠲᠥᠪ ᠲᠣᠭᠲᠠᠭᠠᠯ ᠶᠣᠰᠣᠭᠠᠷ ᠬᠤᠰᠢᠭᠤᠨ ᠳᠤ ᠢᠷᠡᠭᠰᠡᠨ ᠵᠣᠴᠢᠨ | ᠠᠷᠠᠯᠵᠢᠶᠠᠴᠢᠨ ᠢ ᠬᠦᠯᠢᠶᠡᠨ ᠠᠪᠬᠤ ᠠᠵᠢᠯ ᠢ ᠰᠠᠶᠢᠲᠤᠷ ᠬᠢᠨ᠎ᠠ᠃ | 3. ᠪᠠᠯᠠ ᠮᠥᠩᠭᠦᠨ ᠤ ᠪᠠᠲᠤᠯᠠᠭ᠎ᠠ᠄ ᠬᠤᠰᠢᠭᠤᠨ ᠤ ᠡᠳ᠋ ᠤᠨ ᠵᠠᠰᠠᠭ ᠠᠴᠠ ᠵᠢᠯ ᠪᠦᠷᠢ 700 ᠲᠦᠮᠡᠨ | ᠲᠥᠭᠦᠷᠢᠭ ᠠᠴᠠ ᠳᠡᠭᠡᠭᠰᠢ ᠲᠥᠰᠦᠪ ᠤᠨ ᠪᠠᠯᠠ ᠮᠥᠩᠭᠦ ᠳᠣᠭᠢᠷᠠᠭᠤᠯᠤᠨ ᠠᠷᠠᠯᠵᠢᠶᠠᠴᠢᠨ ᠤᠷᠢᠵᠤ ᠪᠠᠯᠠ ᠮᠦᠩᠬᠦ | ᠣᠷᠣᠭᠤᠯᠤᠨ ᠠᠪᠴᠢᠷᠠᠬᠤ ᠠᠵᠢᠯ ᠳᠤ ᠬᠡᠷᠡᠭᠯᠡᠬᠦ ᠶᠢ ᠬᠠᠷᠢᠭᠤᠴᠠᠨ᠎ᠠ᠂ ᠡᠭᠦᠨ ᠳᠤ᠄ ᠠᠷᠠᠯᠵᠢᠶᠠᠴᠢᠨ ᠤᠷᠢᠵᠤ ᠪᠠᠯᠠ | ᠮᠦᠩᠬᠦ ᠣᠷᠣᠭᠤᠯᠤᠨ ᠠᠪᠴᠢᠷᠠᠬᠤ ᠠᠵᠢᠯ ᠤᠨ ᠵᠠᠷᠤᠳᠠᠯ ᠢ 200 ᠲᠦᠮᠡᠨ ᠲᠥᠭᠦᠷᠢᠭ ᠠᠴᠠ ᠳᠣᠤᠷ᠎ᠠ ᠪᠠᠶᠢᠯᠭᠠᠵᠤ | ᠪᠣᠯᠬᠤ ᠥᠬᠡᠶ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠱᠠᠩᠨᠠᠯ ᠤᠨ ᠵᠠᠷᠤᠳᠠᠯ ᠢ 500 | ᠲᠦᠮᠡᠨ ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠠᠷᠠᠯᠵᠢᠶᠠᠴᠢᠨ ᠤᠷᠢᠵᠤ ᠪᠠᠯᠠ ᠮᠦᠩᠬᠦ | ᠣᠷᠣᠭᠤᠯᠤᠨ ᠠᠪᠴᠢᠷᠠᠬᠤ ᠠᠵᠢᠯ ᠤᠨ ᠵᠠᠷᠤᠳᠠᠯ ᠳᠤ ᠭᠤᠤᠯᠳᠠᠭᠤ ᠠᠯᠪᠠᠨ ᠶᠠᠪᠤᠳᠠᠯ ᠢᠶᠠᠷ ᠭᠠᠳᠠᠭᠰᠢ ᠭᠠᠷᠬᠤ | ᠵᠠᠷᠤᠳᠠᠯ᠂ ᠬᠡᠪᠯᠡᠯ ᠤᠨ ᠵᠠᠷᠤᠳᠠᠯ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠦᠢᠯᠡᠳᠬᠦ ᠵᠠᠷᠤᠳᠠᠯ᠂ | ᠪᠣᠯᠪᠠᠰᠤᠷᠠᠯ ᠤᠨ ᠵᠠᠷᠤᠳᠠᠯ᠂ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢᠨ ᠵᠠᠷᠤᠳᠠᠯ ᠵᠡᠷᠭᠡ ᠵᠠᠷᠤᠯᠭ᠎ᠠ ᠪᠠᠭᠲᠠᠨ᠎ᠠ᠂ | ᠪᠦᠷᠢᠯᠭᠡᠨ ᠰᠤᠶᠢᠳᠭᠡᠵᠤ ᠪᠣᠯᠬᠤ ᠥᠬᠡᠶ᠃ | ᠵᠢᠷᠭᠤᠳᠤᠭᠠᠷ ᠵᠦᠢᠯ ᠬᠠᠷᠢᠭᠤᠴᠠᠯᠭ᠎ᠠ ᠨᠡᠬᠡᠮᠵᠢᠯᠡᠬᠦ | ᠵᠦᠶ ᠪᠤᠰᠤ ᠠᠷᠭ᠎ᠠ ᠪᠠᠷᠢᠯ ᠢᠶᠠᠷ ᠱᠠᠩᠨᠠᠯ ᠢ ᠮᠡᠬᠡᠯᠡᠨ ᠣᠯᠤᠭᠰᠠᠨ ᠪᠠᠶᠢᠪᠠᠯ᠂ ᠲᠤᠬᠠᠶ ᠶᠢᠨ ᠬᠥᠮᠦᠨ ᠪᠠ | ᠭᠡᠷᠡᠴᠢᠯᠡᠬᠦ ᠮᠠᠲ᠋ᠧᠷᠢᠶᠠᠯ ᠢ ᠭᠠᠷᠭᠠᠵᠤ ᠥᠭᠭᠦᠭᠰᠡᠨ ᠨᠢᠭᠡᠴᠢ ᠶᠢᠨ ᠵᠣᠬᠢᠬᠤ ᠰᠠᠬᠢᠯᠭ᠎ᠠ ᠪᠠᠲᠤ ᠶᠢᠨ ᠬᠠᠷᠢᠭᠤᠴᠠᠯᠭ᠎ᠠ | ᠪᠤᠶᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ | ᠳᠣᠯᠣᠳᠤᠭᠠᠷ ᠵᠦᠢᠯ ᠲᠠᠭᠠᠯᠳᠤᠭᠤᠯᠤᠭᠰᠠᠨ ᠲᠦᠷᠢᠮ | ᠲᠣᠰ ᠠᠷᠭ᠎ᠠ ᠶᠢ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ | ᠬᠤᠭᠤᠴᠠᠭ᠎ᠠ ᠨᠢ ᠬᠤᠶᠠᠷ ᠵᠢᠯ ᠪᠣᠯᠤᠨ᠎ᠠ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ | ᠲᠠᠶᠢᠯᠪᠤᠷᠢᠯᠠᠬᠤ ᠶᠢ ᠬᠠᠷᠢᠭᠤᠴᠠᠨ᠎ᠠ᠃ | |