| ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠬᠤ ᠪᠠᠶᠢᠭᠤᠯᠭ᠎ᠠ ᠨᠢᠭᠡᠴᠢ ᠳᠤ᠄ | ︽ᠵᠠᠯᠠᠶᠢᠳ ᠬᠤᠰᠢᠭᠤᠨ ᠤ ᠠᠵᠤ ᠦᠢᠯᠡᠳᠪᠤᠷᠢ ᠠᠷᠠᠯᠵᠢᠶᠠᠨ ᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠨᠤᠭᠤᠳ︾ ᠢ ᠬᠤᠰᠢᠭᠤᠨ ᠤ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠨᠠᠷᠢᠨ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠶ᠃ | 2024 ᠣᠨ ᠤ 6 ᠰᠠᠷ᠎ᠠ ᠶᠢᠨ 27 ᠤ ᠡᠳᠦᠷ | ᠵᠠᠯᠠᠶᠢᠳ ᠬᠤᠰᠢᠭᠤᠨ ᠤ ᠠᠵᠤ ᠦᠢᠯᠡᠳᠪᠤᠷᠢ ᠠᠷᠠᠯᠵᠢᠶᠠᠨ ᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠲᠦ᠋ᠷᠦ ᠶᠢᠨ ᠪᠤᠳᠤᠯᠭ᠎ᠠ ᠨᠤᠭᠤᠳ | ︽ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠳᠡ ᠶᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ | ᠰᠠᠨᠠᠯ︾ ︵ᠥᠪᠥᠷ ᠨᠠᠮ ᠲᠠᠷᠬᠠᠭᠠᠭᠰᠠᠨ ︹ 2024 ︺ 5 ᠳ᠋ᠤᠭᠠᠷ ᠲᠣᠭᠠᠲᠤ︶ ᠢ ᠨᠠᠶᠢᠳᠠᠪᠤᠷᠢᠵᠢᠭᠤᠯᠵᠤ᠂ | ᠠᠵᠤ ᠦᠢᠯᠡᠳᠪᠤᠷᠢ ᠠᠷᠠᠯᠵᠢᠶ᠎ᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ | ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠲᠣᠰ ᠲᠥᠷᠥ ᠶᠢᠨ ᠪᠣᠳᠣᠯᠭ᠎ᠠ ᠶᠢ ᠲᠣᠭᠲᠠᠭᠠᠪᠠ᠃ | ᠨᠢᠭᠡ᠂ ᠬᠥᠭᠵᠢᠯᠲᠡ ᠶᠢᠨ ᠬᠠᠷᠠᠯᠲᠠ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ 20 ᠳᠤ | ᠬᠦᠷᠭᠡᠵᠦ᠂ ᠦᠢᠯᠡᠳᠬᠦᠨ ᠤ ᠦᠷᠳᠡᠭ ᠢ ᠵᠢᠯ ᠪᠦᠷᠢ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠵᠦ᠂ | ᠶᠡᠷᠦᠩᠬᠡᠶ ᠲᠤᠭ᠎ᠠ ᠶᠢ 20 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠨᠡᠶᠢᠭᠡᠮ ᠤᠨ ᠬᠡᠷᠡᠭᠯᠡᠭᠡᠨ ᠤ ᠵᠦᠢᠯᠡᠰ | ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ ᠵᠢᠯ ᠪᠦᠷᠢ ᠳᠤᠮᠳᠠᠴᠢ ᠪᠠᠷ 7% ᠠᠴᠠ ᠳᠡᠭᠡᠭᠰᠢ ᠨᠡᠮᠡᠭᠳᠡᠭᠦᠯᠵᠦ᠂ | ᠪᠦᠬᠦ ᠲᠤᠭ᠎ᠠ ᠶᠢ 23 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ | ᠬᠤᠶᠠᠷ᠂ ᠳᠡᠮᠵᠢᠬᠦ ᠡᠲᠡᠭᠡᠳ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ︵ᠳᠣᠷᠣᠭᠰᠢ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠭᠡᠵᠦ ᠲᠣᠪᠴᠢᠯᠠᠨ᠎ᠠ︶᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ ︵ᠳᠣᠷᠣᠭᠰᠢ ᠬᠢᠵᠠᠭᠠᠷᠯᠠᠭᠰᠠᠨ ᠠᠵᠤ ᠠᠬᠤᠶᠢᠯᠠᠯ ᠭᠡᠵᠦ ᠲᠣᠪᠴᠢᠯᠠᠨ᠎ᠠ︶᠂ | ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠥᠯᠢᠭᠡᠷ ᠤᠨ ᠠᠵᠤ ᠠᠬᠤᠶᠢᠯᠠᠯ ︵ᠳᠣᠷᠣᠭᠰᠢ ᠬᠢᠵᠠᠭᠠᠷᠯᠠᠭᠰᠠᠨ ᠠᠵᠤ | ᠠᠬᠤᠶᠢᠯᠠᠯ ᠭᠡᠵᠦ ᠲᠣᠪᠴᠢᠯᠠᠨ᠎ᠠ︶᠂ ᠬᠢᠵᠠᠭᠠᠷᠯᠠᠭᠰᠠᠨ ᠲᠤᠭ᠎ᠠ ᠶᠢ ᠥᠷᠭᠡᠳᠬᠡᠭᠰᠡᠨ ᠠᠵᠤ ᠠᠬᠤᠶᠢᠯᠠᠯ ︵ᠳᠣᠷᠣᠭᠰᠢ | ᠥᠷᠭᠡᠳᠬᠡᠭᠰᠡᠨ ᠬᠢᠵᠠᠭᠠᠷᠲᠤ ᠠᠵᠤ ᠠᠬᠤᠶᠢᠯᠠᠯ ᠭᠡᠵᠦ ᠲᠣᠪᠴᠢᠯᠠᠨ᠎ᠠ︶ ᠃ | ᠭᠤᠷᠪᠠ᠂ ᠳᠡᠮᠵᠢᠬᠦ ᠠᠭᠤᠯᠭ᠎ᠠ ᠪᠠ ᠪᠠᠷᠢᠮᠵᠢᠶ᠎ᠠ | ︵ᠨᠢᠭᠡ︶ ᠪᠣᠷᠣᠯᠠᠭᠤᠯᠭ᠎ᠠ ᠶᠢ ᠠᠬᠢᠭᠤᠯᠬᠤ ᠶᠢ ᠳᠡᠮᠵᠢᠨ᠎ᠡ | 1.ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ | ᠠᠶᠢᠮᠠᠭ ᠤᠨ ᠭᠠᠳᠠᠨᠠᠬᠢ ᠦᠵᠡᠭᠦᠯᠭᠡ ᠶᠢᠨ ᠴᠤᠭᠯᠠᠭᠠᠨ ᠳᠤ ᠣᠷᠣᠯᠴᠠᠨ ᠲᠣᠭᠲᠠᠭᠠᠭᠰᠠᠨ ᠠᠵᠤ ᠠᠬᠤᠶᠢᠯᠠᠯ ᠳᠤ᠂ | ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠢ ᠶᠢᠨ ᠪᠠᠷᠢᠮᠵᠢᠶ᠎ᠠ ᠶᠣᠰᠣᠭᠠᠷ ᠬᠤᠨᠤᠭ ᠪᠠᠭᠤᠳᠠᠯ ᠪᠠ ᠵᠠᠮ | ᠬᠠᠷᠢᠯᠴᠠᠭᠠᠨ ᠤ ᠨᠥᠬᠦᠪᠥᠷᠢ ᠣᠯᠭᠤᠵᠤ᠂ ᠠᠵᠤ ᠠᠬᠤᠶᠢᠯᠠᠯ ᠨᠢᠭᠡᠪᠦᠷᠢ ᠶᠢᠨ ᠤᠳᠠᠭ᠎ᠠ ᠪᠦᠷᠢ ᠶᠢᠨ ᠳᠡᠭᠡᠳᠦ | ᠬᠢᠵᠠᠭᠠᠷ ᠢ 3000 ᠲᠥᠭᠦᠷᠢᠭ ᠢᠶᠠᠷ ᠬᠢᠵᠠᠭᠠᠷᠯᠠᠨ᠎ᠠ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠠᠵᠤ ᠠᠬᠤᠶᠢᠯᠠᠯ ᠤᠨ ᠲᠥᠯᠥᠭᠡᠯᠡᠭᠴᠢᠳ ᠲᠤ ᠨᠠᠶᠢᠳᠠᠵᠤ ᠪᠦᠯᠬᠦᠮ ᠵᠣᠬᠢᠶᠠᠨ ᠪᠠᠶᠢᠭᠤᠯᠤᠨ ᠠᠶᠢᠮᠠᠭ ᠤᠨ | ᠭᠠᠳᠠᠨᠠᠬᠢ ᠦᠵᠡᠰᠬᠦᠯᠡᠩ ᠳᠤ ᠣᠷᠣᠯᠴᠠᠭᠤᠯᠤᠭᠰᠠᠨ ᠪᠠᠶᠢᠪᠠᠯ᠂ ᠵᠠᠰᠠᠭ ᠵᠠᠬᠢᠷᠭᠠᠨ᠂ ᠠᠵᠢᠯ ᠦᠢᠯᠡᠰ ᠤᠨ | ᠨᠢᠭᠡᠴᠢ ᠶᠢᠨ ᠪᠠᠷᠢᠮᠵᠢᠶ᠎ᠠ ᠶᠣᠰᠣᠭᠠᠷ ᠬᠤᠨᠤᠭ ᠪᠠᠭᠤᠳᠠᠯ ᠪᠠ ᠵᠠᠮ ᠬᠠᠷᠢᠯᠴᠠᠭᠠᠨ ᠤ ᠨᠥᠬᠦᠪᠥᠷᠢ ᠣᠯᠭᠤᠵᠤ᠂ ᠤᠳᠠᠭ᠎ᠠ | ᠪᠦᠷᠢ ᠶᠢᠨ ᠳᠡᠭᠡᠳᠦ ᠬᠢᠵᠠᠭᠠᠷ ᠨᠢ 1 ᠲᠦᠮᠡᠨ ᠲᠥᠭᠦᠷᠢᠭ ᠪᠣᠯᠤᠨ᠎ᠠ᠃ ︵ᠵᠠᠰᠠᠭ ᠵᠠᠬᠢᠷᠭ᠎ᠠ᠂ ᠠᠵᠢᠯ ᠦᠢᠯᠡᠰ ᠤᠨ | ᠨᠢᠭᠡᠴᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠬᠤᠨᠤᠭ ᠪᠠᠭᠤᠳᠠᠯ ᠪᠠ ᠵᠠᠮ ᠬᠠᠷᠢᠯᠴᠠᠭᠠᠨ ᠤ ᠪᠠᠷᠢᠮᠲᠠ ᠶᠢ | ᠬᠠᠩᠭᠠᠨ᠎ᠠ︶ | ︵ᠬᠤᠶᠠᠷ︶ ᠠᠵᠤ ᠠᠬᠤᠶᠢᠯᠠᠯ ᠤᠨ ᠲᠣᠭᠲᠠᠭᠠᠯ ᠳᠤ ᠣᠷᠣᠬᠤ ᠶᠢ ᠳᠡᠮᠵᠢᠨ᠎ᠡ ︵ᠬᠢᠵᠠᠭᠠᠷ︶ | 2. ᠰᠢᠨ᠎ᠡ ᠪᠠᠷ ᠨᠡᠮᠡᠭᠳᠡᠭᠰᠡᠨ ᠲᠣᠭᠲᠠᠭᠠᠯ ᠠᠴᠠ ᠳᠡᠭᠡᠭᠰᠢᠬᠢ ᠠᠵᠤ ᠠᠬᠤᠶᠢᠯᠠᠯ ᠢ ᠨᠢᠭᠡ ᠤᠳᠠᠭ᠎ᠠ ᠳᠤ 10 | ᠲᠦᠮᠡᠨ ᠲᠥᠭᠦᠷᠢᠭ ᠢᠶᠠᠷ ᠱᠠᠩᠨᠠᠨ᠎ᠠ᠃ | 3. ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠢ ᠨᠢᠭᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃ | 4. ᠰᠢᠨ᠎ᠡ ᠪᠠᠷ ᠨᠡᠮᠡᠭᠳᠡᠭᠰᠡᠨ ᠥᠷᠭᠡᠳᠬᠡᠨ ᠬᠢᠵᠠᠭᠠᠷᠯᠠᠭᠰᠠᠨ ᠠᠵᠤ ᠠᠬᠤᠶᠢᠯᠠᠯ ᠢ ᠨᠢᠭᠡ ᠤᠳᠠᠭ᠎ᠠ ᠶᠢᠨ | ᠴᠢᠨᠠᠷᠲᠠᠶ ᠪᠠᠷ 1 ᠲᠦᠮᠡᠨ ᠲᠥᠭᠦᠷᠢᠭ ᠢᠶᠠᠷ ᠱᠠᠩᠨᠠᠨ᠎ᠠ᠃ | 5. ᠰᠢᠨ᠎ᠡ ᠪᠠᠷ ᠨᠡᠮᠡᠭᠳᠡᠭᠰᠡᠨ ᠬᠢᠵᠠᠭᠠᠷᠯᠠᠭᠰᠠᠨ ᠥᠯᠢᠭᠡᠷ ᠬᠡᠪ ᠤᠨ ᠠᠵᠤ ᠠᠬᠤᠶᠢᠯᠠᠯ ᠢ ᠨᠢᠭᠡ ᠤᠳᠠᠭ᠎ᠠ ᠶᠢᠨ | ᠴᠢᠨᠠᠷᠲᠠᠶ ᠪᠠᠷ 1 ᠲᠦᠮᠡᠨ ᠲᠥᠭᠦᠷᠢᠭ ᠢᠶᠠᠷ ᠱᠠᠩᠨᠠᠨ᠎ᠠ᠃ | ︵ᠭᠤᠷᠪᠠ︶ ᠵᠥᠪ ᠴᠢᠭᠯᠡᠯ ᠢᠶᠠᠷ ᠳᠠᠶᠢᠴᠢᠯᠠᠬᠤ ᠶᠢ ᠳᠡᠮᠵᠢᠨ᠎ᠡ | 6. ᠲᠣᠭᠲᠠᠭᠠᠭᠰᠠᠨ ᠠᠵᠤ ᠠᠬᠤᠶᠢᠯᠠᠯ ᠤᠨ ᠲᠣᠰ ᠵᠢᠯ ᠤᠨ ᠦᠢᠯᠡᠳᠭᠦᠨ ᠤ ᠥᠷᠲᠡᠭ ᠨᠢ ᠠᠳᠠᠯᠢ | ᠬᠤᠭᠤᠴᠠᠭᠠᠨ ᠤ ᠬᠢ ᠠᠴᠠ 1000 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠭᠰᠡᠨ ᠪᠠᠶᠢᠪᠠᠯ᠂ ᠨᠡᠮᠡᠭᠳᠡᠯ ᠤᠨ | ᠬᠡᠮᠵᠢᠶ᠎ᠡ ᠶᠢᠨ 2% ᠢᠶᠠᠷ ᠱᠠᠩᠨᠠᠨ ᠬᠥᠬᠢᠭᠦᠯᠦᠨ᠎ᠡ᠃ | 7. ᠬᠤᠨᠤᠭ ᠪᠠᠭᠤᠳᠠᠯ ᠢᠳᠡᠭᠡᠨ ᠤᠮᠳᠠᠭᠠᠨ᠂ ᠴᠢᠯᠤᠭᠡᠳᠦ ᠳᠡᠯᠭᠡᠭᠦᠷ᠂ ᠡᠮ ᠤᠨ ᠠᠵᠤ ᠠᠬᠤᠶᠢᠯᠠᠯ ᠤᠨ | ᠵᠢᠯ ᠤᠨ ᠪᠣᠷᠣᠯᠠᠭᠤᠯᠭ᠎ᠠ ᠶᠢᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠨᠢ 10% ᠵᠢᠴᠢ ᠲᠡᠭᠦᠨ ᠠᠴᠠ ᠳᠡᠭᠡᠭᠰᠢ | ᠪᠠᠶᠢᠪᠠᠯ 5 ᠲᠦᠮᠡᠨ ᠲᠥᠭᠦᠷᠢᠭ ᠤᠨ ᠪᠠᠯᠠ ᠮᠥᠩᠭᠦ ᠶᠢᠨ ᠱᠠᠩᠨᠠᠯ ᠣᠯᠭᠤᠨ᠎ᠠ᠃ | 8. ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠮᠠᠰᠢᠨ ᠲᠡᠷᠭᠡ ᠪᠤᠷᠤᠯᠠᠭᠤᠯᠬᠤ ᠠᠵᠤ ᠠᠬᠤᠶᠢᠯᠠᠯ ᠤᠨ ᠵᠢᠯ ᠤᠨ | ᠪᠣᠷᠣᠯᠠᠭᠤᠯᠭ᠎ᠠ ᠶᠢᠨ ᠨᠣᠷᠮ᠎ᠠ ᠶᠢᠨ ᠨᠡᠮᠡᠭᠳᠡᠯ ᠤᠨ ᠬᠤᠷᠳᠤᠴᠠ ᠶᠢ ᠵᠥᠪ ᠪᠣᠯᠭᠠᠵᠤ᠂ ᠪᠣᠷᠣᠯᠠᠭᠤᠯᠤᠯᠲᠠ ᠶᠢᠨ | ᠨᠣᠷᠮ᠎ᠠ ᠶᠢᠨ 2% ᠢᠶᠠᠷ ᠱᠠᠩᠨᠠᠯ ᠣᠯᠭᠤᠨ᠎ᠠ︔ ᠪᠣᠷᠣᠯᠠᠭᠤᠯᠭ᠎ᠠ ᠶᠢᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠶᠢ | 10% ᠵᠢᠴᠢ ᠲᠡᠭᠦᠨ ᠠᠴᠠ ᠳᠡᠭᠡᠭᠰᠢ ᠳᠤ ᠬᠦᠷᠦᠭᠦᠯᠦᠭᠰᠡᠨ ᠪᠠᠶᠢᠪᠠᠯ᠂ ᠨᠡᠮᠡᠭᠳᠡᠯ ᠤᠨ ᠬᠡᠮᠵᠢᠶ᠎ᠡ ᠶᠢᠨ 10% ᠪᠠᠷ | ᠢᠯᠡᠭᠦᠴᠡ ᠪᠠᠯᠠ ᠮᠥᠩᠭᠦ ᠶᠢᠨ ᠱᠠᠩᠨᠠᠯ ᠡᠭᠦᠨ ᠤ ᠬᠠᠮᠲᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠪᠣᠷᠣᠯᠠᠭᠤᠯᠭ᠎ᠠ ᠶᠢᠨ ᠬᠡᠮᠵᠢᠶ᠎ᠡ ᠶᠢ ᠳᠡᠭᠡᠷ᠎ᠡ ᠵᠢᠯ ᠤᠨ ᠬᠢ ᠲᠠᠢ ᠬᠠᠷᠢᠴᠠᠭᠤᠯᠪᠠᠯ 1 ᠮᠠᠰᠢᠨ ᠲᠡᠷᠭᠡ ᠨᠡᠮᠡᠭᠳᠡᠬᠦ ᠪᠦᠷᠢ 0. | 5 ᠲᠦᠮᠡᠨ ᠲᠥᠭᠦᠷᠢᠭ ᠤᠨ ᠪᠠᠯᠠ ᠮᠥᠩᠭᠦ ᠶᠢᠨ ᠱᠠᠩᠨᠠᠯ ᠣᠯᠭᠤᠨ᠎ᠠ᠃ | 9. ᠥᠷᠭᠡᠳᠬᠡᠨ ᠬᠢᠵᠠᠭᠠᠷᠯᠠᠭᠰᠠᠨ ᠠᠵᠤ ᠠᠬᠤᠶᠢᠯᠠᠯ ᠤᠨ ᠵᠢᠯ ᠤᠨ ᠪᠣᠷᠣᠯᠠᠭᠤᠯᠭ᠎ᠠ ᠶᠢᠨ ᠲᠣᠭᠠᠨ ᠤ | ᠨᠡᠮᠡᠭᠳᠡᠯ ᠤᠨ ᠬᠤᠷᠳᠤᠴᠠ ᠨᠢ 10% ᠵᠢᠴᠢ 10% ᠠᠴᠠ ᠳᠡᠭᠡᠭᠰᠢ ᠪᠠᠶᠢᠪᠠᠯ 1 ᠲᠦᠮᠡᠨ ᠲᠥᠭᠦᠷᠢᠭ ᠤᠨ ᠪᠠᠯᠠ | ᠮᠥᠩᠭᠦ ᠶᠢᠨ ᠱᠠᠩᠨᠠᠯ ᠣᠯᠭᠤᠨ᠎ᠠ᠃ | 10 . ᠥᠯᠢᠭᠡᠷ ᠤᠨ ᠠᠵᠤ ᠠᠬᠤᠶᠢᠯᠠᠯ ᠤᠨ ᠵᠢᠯ ᠤᠨ ᠪᠣᠷᠣᠯᠠᠭᠤᠯᠭ᠎ᠠ ᠶᠢᠨ ᠲᠣᠭᠠᠨ ᠤ ᠨᠡᠮᠡᠭᠳᠡᠯ ᠤᠨ | ᠬᠤᠷᠳᠤᠴᠠ ᠶᠢ 10% ᠵᠢᠴᠢ 10% ᠠᠴᠠ ᠳᠡᠭᠡᠭᠰᠢ ᠬᠢᠵᠠᠭᠠᠷᠯᠠᠪᠠᠯ 1 ᠲᠦᠮᠡᠨ ᠲᠥᠭᠦᠷᠢᠭ ᠤᠨ ᠪᠠᠯᠠ | ᠮᠥᠩᠭᠦ ᠶᠢᠨ ᠱᠠᠩᠨᠠᠯ ᠭᠥᠷᠳᠡᠨ᠎ᠡ᠃ | ︵ᠳᠥᠷᠪᠡ︶ ᠨᠢᠭᠡᠳᠦᠭᠡᠷ ᠤᠯᠠᠷᠢᠯ ᠳᠤ ᠡᠭᠦᠳᠡ ᠪᠠᠨ ᠨᠡᠭᠡᠭᠡᠵᠦ ᠲᠣᠭᠲᠠᠭᠤᠨ ᠪᠠᠶᠢᠯᠭᠠᠬᠤ ᠶᠢ ᠳᠡᠮᠵᠢᠨ᠎ᠡ | 11.ᠠᠵᠤ ᠠᠬᠤᠶᠢᠯᠠᠯ ᠤᠨ ᠨᠢᠭᠡᠳᠦᠭᠡᠷ ᠤᠯᠠᠷᠢᠯ ᠤᠨ ᠦᠢᠯᠡᠳᠭᠦᠨ ᠤ ᠥᠷᠲᠡᠭ ᠤᠨ ᠨᠡᠮᠡᠭᠳᠡᠯ ᠤᠨ | ᠬᠤᠷᠳᠤᠴᠠ ᠶᠢ ᠵᠥᠪ ᠲᠣᠭᠲᠠᠭᠠᠭᠰᠠᠨ ᠪᠠᠶᠢᠪᠠᠯ᠂ ᠠᠵᠤ ᠠᠬᠤᠶᠢᠯᠠᠯ ᠨᠢᠭᠡᠪᠦᠷᠢ ᠳᠤ 10 ᠲᠦᠮᠡᠨ ᠲᠥᠭᠦᠷᠢᠭ ᠤᠨ | ᠪᠠᠯᠠ ᠮᠥᠩᠭᠦ ᠶᠢᠨ ᠱᠠᠩᠨᠠᠯ ᠣᠯᠭᠤᠨ᠎ᠠ᠃ | 12. ᠬᠤᠨᠤᠭ ᠪᠠᠭᠤᠳᠠᠯ ᠢᠳᠡᠭᠡᠨ ᠤᠮᠳᠠᠭᠠᠨ᠂ ᠴᠢᠯᠤᠭᠡᠳᠦ ᠳᠡᠯᠭᠡᠭᠦᠷ᠂ ᠡᠮ ᠤᠨ ᠠᠵᠤ ᠠᠬᠤᠶᠢᠯᠠᠯ ᠤᠨ | ᠨᠢᠭᠡᠳᠦᠭᠡᠷ ᠤᠯᠠᠷᠢᠯ ᠤᠨ ᠪᠣᠷᠣᠯᠠᠭᠤᠯᠭ᠎ᠠ ᠶᠢᠨ ᠨᠣᠷᠮ᠎ᠠ ᠶᠢᠨ ᠨᠡᠮᠡᠭᠳᠡᠯ ᠤᠨ ᠬᠤᠷᠳᠤᠴᠠ ᠨᠢ 10% ᠵᠢᠴᠢ | 10% ᠠᠴᠠ ᠳᠡᠭᠡᠭᠰᠢ ᠪᠠᠶᠢᠪᠠᠯ᠂ ᠠᠵᠤ ᠠᠬᠤᠶᠢᠯᠠᠯ ᠨᠢᠭᠡᠪᠦᠷᠢ ᠳᠤ 2 ᠲᠦᠮᠡᠨ ᠲᠥᠭᠦᠷᠢᠭ ᠤᠨ ᠪᠠᠯᠠ ᠮᠥᠩᠭᠦ ᠶᠢᠨ | ᠱᠠᠩᠨᠠᠯ ᠣᠯᠭᠤᠨ᠎ᠠ᠃ | 13. ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠮᠠᠰᠢᠨ ᠲᠡᠷᠭᠡ ᠪᠤᠷᠤᠯᠠᠭᠤᠯᠬᠤ ᠠᠵᠤ ᠠᠬᠤᠶᠢᠯᠠᠯ ᠤᠨ | ᠨᠢᠭᠡᠳᠦᠭᠡᠷ ᠤᠯᠠᠷᠢᠯ ᠳᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠠᠴᠠ ᠪᠣᠶ ᠪᠣᠯᠤᠭᠰᠠᠨ | ᠤᠬᠠᠭᠤᠯᠭ᠎ᠠ ᠶᠢᠨ ᠵᠠᠷᠤᠳᠠᠯ᠂ ᠵᠠᠷ ᠤᠨ ᠵᠠᠷᠤᠳᠠᠯ ᠢ ᠪᠣᠳᠠᠲᠠᠶ ᠵᠠᠷᠤᠯᠭ᠎ᠠ ᠪᠠᠷ ᠨᠥᠬᠦᠪᠥᠷᠢ ᠥᠭᠭᠦᠨ᠎ᠡ᠂ ᠨᠥᠬᠦᠪᠥᠷᠢ ᠶᠢᠨ | ᠳᠡᠭᠡᠳᠦ ᠬᠢᠵᠠᠭᠠᠷ ᠢ 10 ᠲᠦᠮᠡᠨ ᠲᠥᠭᠦᠷᠢᠭ ᠢᠶᠠᠷ ᠬᠢᠵᠠᠭᠠᠷᠯᠠᠨ᠎ᠠ᠃ | ᠳᠥᠷᠪᠡ᠂ ᠬᠤᠯᠪᠣᠭᠳᠠᠯ ᠪᠥᠬᠦᠶ ᠱᠠᠭᠠᠷᠳᠠᠯᠭ᠎ᠠ | ᠳᠡᠭᠡᠷᠡᠬᠢ ᠲᠤᠭ᠎ᠠ ᠪᠠᠷᠢᠮᠲᠠ ᠶᠢ ᠴᠥᠮ ᠬᠠᠤᠯᠢ ᠪᠠᠷ ᠲᠣᠭᠲᠠᠭᠠᠭᠰᠠᠨ ᠲᠤᠭ᠎ᠠ ᠪᠠᠷᠢᠮᠲᠠ ᠪᠠᠷ ᠪᠠᠷᠢᠮᠵᠢᠶ᠎ᠠ | ᠪᠣᠯᠭᠠᠨ᠎ᠠ᠃ ᠲᠣᠰ ᠲᠥᠷᠥ ᠶᠢᠨ ᠪᠣᠳᠣᠯᠭ᠎ᠠ ᠶᠢ ᠬᠤᠰᠢᠭᠤᠨ ᠤ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ | ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠡᠳ᠋ ᠤᠨ ᠵᠠᠰᠠᠭ᠂ ᠲᠤᠭ᠎ᠠ ᠪᠦᠷᠢᠳᠬᠡᠯ ᠵᠡᠷᠭᠡ ᠨᠢᠭᠡᠴᠢ ᠬᠠᠮᠵᠢᠯᠴᠠᠨ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠱᠠᠩᠨᠠᠯ ᠪᠠ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ | ᠳᠠᠪᠬᠤᠷᠳᠠᠭᠤᠯᠬᠤ ᠳᠤ ᠬᠤᠯᠪᠣᠭᠳᠠᠪᠠᠯ ᠳᠠᠪᠬᠤᠷᠳᠠᠭᠤᠯᠤᠨ ᠬᠦᠷᠲᠡᠵᠦ ᠪᠣᠯᠤᠨ᠎ᠠ᠃ ᠱᠠᠲᠤ ᠦᠶ᠎ᠡ ᠪᠦᠷᠢ ᠶᠢᠨ | ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ ᠳᠠᠷᠦ᠋ᠢᠬᠠᠨ ᠪᠡᠶᠡᠯᠡᠭᠦᠯᠦᠨ᠎ᠡ᠃ ᠬᠡᠷᠪᠡ ᠵᠦᠶ ᠪᠤᠰᠤ ᠠᠷᠭ᠎ᠠ ᠪᠠᠷᠢᠯ ᠢᠶᠠᠷ | ᠱᠠᠩᠨᠠᠯ ᠤᠨ ᠮᠥᠩᠭᠦ ᠶᠢ ᠮᠡᠬᠡᠯᠡᠨ ᠠᠪᠤᠭᠰᠠᠨ ᠪᠠᠶᠢᠳᠠᠯ ᠢ ᠣᠯᠵᠤ ᠮᠡᠳᠡᠪᠡᠯ᠂ ᠬᠠᠮᠢᠶ᠎ᠠ ᠪᠥᠬᠦᠶ ᠬᠥᠮᠦᠰ ᠤᠨ ᠬᠠᠤᠯᠢ | ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ ᠲᠣᠰ ᠲᠥᠷᠥ ᠶᠢᠨ ᠪᠣᠳᠣᠯᠭ᠎ᠠ ᠶᠢ 2024 | ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ 2 ᠵᠢᠯ ᠤᠨ ᠬᠤᠭᠤᠴᠠᠭ᠎ᠠ ᠲᠠᠢ | ᠬᠡᠷᠡᠭᠵᠢᠭᠦᠯᠦᠨ᠎ᠡ᠂ ᠬᠤᠰᠢᠭᠤᠨ ᠤ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠃ |