ᠤᠰᠤᠨ ᠳᠤᠳᠤᠷᠭ᠎ᠠ ᠶᠢᠨ ᠠᠵᠦ ᠦᠢᠯᠡᠰ ᠤᠨ ᠰᠢᠨ᠎ᠠ ᠶᠢ ᠡᠭᠦᠳᠴᠦ ᠠᠷᠠᠳ ᠲᠤ ᠦᠨᠡᠨ ᠬᠦ ᠠᠰᠢᠬ ᠬᠦᠷᠳᠡᠭᠡᠨ᠎ᠡ
ᠨᠡᠶᠢᠲᠡᠯᠡᠭᠰᠡᠨ ᠴᠠᠭ᠄
2024/7/22
     ᠤᠢᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠮᠡᠷᠭᠡᠵᠢᠯᠲᠡᠨ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠡᠯ᠎ᠡ ᠲᠣᠰᠬᠤᠨ ᠤ ᠤᠰᠤᠨ ᠲᠤᠲᠤᠷᠭ᠎ᠠ ᠶᠢᠨ ᠲᠠᠷᠢᠶᠠᠴᠢᠳ ᠲᠤ ᠵᠢᠭᠠᠰᠤ ᠲᠡᠵᠢᠭᠡᠬᠦ ᠪᠣᠯᠪᠠᠰᠤᠷᠠᠯ ᠬᠦᠷᠳᠡᠬᠡᠨ᠂ ᠤᠰᠤᠨ ᠲᠤᠳᠤᠷᠭ᠎ᠠ ᠶᠢᠨ ᠲᠠᠷᠢᠶᠠᠨ ᠳᠤ ᠵᠢᠭᠠᠰᠤ ᠲᠡᠵᠢᠭᠡᠬᠦ ᠮᠡᠷᠭᠡᠵᠢᠯ ᠤᠨ ᠭᠤᠤᠯᠳᠠᠯᠭ᠎ᠠ ᠵᠢᠴᠢ ᠤᠰᠤᠨ ᠲᠤᠲᠤᠷᠭ᠎ᠠ ᠶᠢᠨ ᠲᠠᠷᠢᠶᠠᠨ ᠳᠤ ᠵᠢᠭᠠᠰᠤ ᠲᠡᠵᠢᠭᠡᠬᠦ ᠠᠵᠦ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠬᠦ ᠠᠷᠭ᠎ᠠ ᠶᠢ ᠨᠠᠷᠢᠨ ᠲᠠᠶᠢᠯᠪᠤᠷᠢᠯᠠᠵᠤ ᠪᠠᠶᠢᠯ᠎ᠠ᠃     ᠤᠢᠢᠷ᠎ᠠ ᠶᠢᠨ ᠵᠢᠯ ᠤᠨ ᠲᠤᠷᠰᠢ᠂ ᠵᠠᠯᠠᠶᠢᠳ ᠬᠤᠰᠢᠭᠤ ᠤᠰᠤᠨ ᠲᠤᠲᠤᠷᠭ᠎ᠠ ᠲᠠᠷᠢᠬᠤ ᠪᠠ ᠲᠤᠳᠤᠷᠭᠠᠨ ᠲᠠᠷᠢᠶᠠᠨ ᠳᠤ ᠵᠢᠭᠠᠰᠤ ᠲᠡᠵᠢᠭᠡᠬᠦ ᠬᠡᠪ ᠵᠠᠭᠪᠤᠷ ᠢ ᠬᠡᠷᠡᠭᠵᠢᠭᠦᠯᠵᠦ᠂ ︽ᠲᠤᠳᠤᠷᠭᠠᠨ ᠲᠠᠷᠢᠶᠠᠨ ᠳᠤ ᠵᠢᠭᠠᠰᠦ ᠲᠡᠵᠢᠭᠡᠵᠦ᠂ ᠨᠢᠭᠡ ᠲᠠᠷᠢᠶᠠᠨ ᠠᠴᠠ ᠬᠤᠣᠰ ᠦᠷ᠎ᠠ ᠠᠰᠢᠭ ᠬᠦᠷᠳᠡᠬᠦ︾ ᠶᠢ ᠪᠡᠶᠡᠯᠡᠭᠦᠯᠵᠡᠢ᠃     ︽ᠥᠨᠥᠳᠦᠷ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ 1500 ᠺᠢᠯᠣᠭ᠍ᠷᠠᠮ ᠵᠢᠷᠠᠭᠠᠬᠠᠶ ᠶᠢ ᠮᠠᠨ ᠤ ᠬᠤᠷᠰᠢᠶ᠎ᠠ ᠳᠤ ᠰᠦᠢᠳᠭᠡᠯ ᠬᠤᠷᠢᠶᠠᠬᠤ ᠦᠭᠡᠶ ᠪᠠᠷ ᠬᠠᠨᠭ᠍ᠭᠠᠵᠠᠢ᠂ ᠡᠳᠡᠭᠡᠷ ᠵᠢᠷᠠᠭᠠᠬᠠᠢ ᠨᠠᠮᠤᠷ ᠪᠤᠯᠬᠤ ᠦᠶ᠎ᠠ ᠳᠤ 5000 ᠺᠢᠯᠣᠭ᠍ᠷᠠᠮ ᠣᠷᠴᠢᠮ ᠵᠢᠭᠠᠰᠤ ᠪᠤᠯᠵᠦ ᠦᠷᠡᠵᠢᠨ᠎ᠠ︾ ᠭᠡᠵᠦ ᠵᠠᠯᠠᠶᠢᠳ ᠬᠤᠰᠢᠭᠤᠨ ᠤ ᠨᠦᠩ ᠢᠦᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠭᠤᠤ ᠢ ᠬᠡᠯᠡᠪᠡ᠃     ᠤᠶᠢᠯᠠᠭᠠᠭᠰᠠᠨ ᠢᠶᠠᠷ᠂ ᠡᠨᠡ ᠵᠢᠯ ᠬᠤᠯᠪᠤᠭ᠎ᠠ ᠪᠠᠯᠭᠠᠰᠤ 17060 ᠮᠦ ᠤᠰᠤᠨ ᠲᠤᠳᠤᠷᠭᠠᠨ ᠲᠠᠷᠢᠶᠠᠨ ᠳᠤ ᠵᠢᠭᠠᠰᠤ ᠲᠡᠵᠢᠭᠡᠬᠦ ᠠᠵᠦ ᠦᠢᠯᠡᠰ ᠢ ᠬᠦᠭᠵᠢᠭᠦᠯᠵᠦ᠂ ︽ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠬᠤ︾᠂ ︽ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ︾ ᠪᠠ ︽ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ︾ ᠵᠡᠷᠭᠡ ᠠᠰᠠᠭᠤᠳᠠᠯ ᠢ ᠰᠢᠢᠳᠪᠦᠷᠢᠯᠡᠪᠡ᠃     ᠲᠠᠨᠢᠯᠴᠠᠭᠤᠯᠤᠭᠰᠠᠨ ᠢᠶᠠᠷ᠂ ᠤᠰᠤᠨ ᠲᠤᠳᠤᠷᠭᠠᠨ ᠲᠠᠷᠢᠶᠠᠨ ᠳᠤ ᠵᠢᠭᠠᠰᠤ ᠲᠡᠵᠢᠭᠡᠬᠦ ᠠᠮᠢ ᠠᠬᠤᠶ ᠶᠢᠨ ᠥᠨᠳᠥᠷ ᠪᠦᠲᠦᠮᠵᠢᠲᠡᠶ ᠪᠣᠰᠤᠭ᠎ᠠ ᠴᠣᠭᠴᠠᠲᠤ ᠵᠠᠭᠪᠤᠷ ᠢ ᠬᠡᠷᠡᠭᠵᠢᠭᠦᠯᠦᠭᠰᠡᠨ ᠨᠢ ᠤᠰᠤᠨ ᠲᠤᠳᠤᠷᠭᠠᠨ ᠲᠠᠷᠢᠶᠠᠨ ᠤ ᠡᠪᠡᠰᠦ ᠶᠢ ᠠᠷᠢᠯᠭᠠᠬᠤ᠂ ᠬᠤᠷᠣᠬᠠᠶ ᠶᠢ ᠠᠯᠠᠬᠤ᠂ ᠬᠥᠷᠥᠰᠥ ᠶᠢ ᠰᠤᠯᠠᠷᠠᠭᠤᠯᠬᠤ ᠳᠤ ᠪᠦᠷ ᠠᠰᠢᠬᠳᠠᠢ ᠮᠦᠷᠳᠡᠭᠡᠨ ᠤᠰᠤᠨ ᠲᠤᠲᠤᠷᠭ᠎ᠠ ᠨᠢ ᠵᠢᠭᠠᠰᠤ ᠵᠢᠷᠠᠭᠠᠬᠠᠢ ᠳᠤ ᠣᠷᠭᠠᠨᠢᠭ ᠪᠣᠳᠠᠰ ᠪᠠ ᠬᠦᠴᠢᠯᠲᠥ᠋ᠷᠥᠭᠴᠢ ᠬᠠᠨᠭ᠍ᠭᠠᠳᠠᠬ᠃ ᠤᠰᠤᠨ ᠲᠤᠳᠤᠷᠭᠠᠨ ᠳᠠᠷᠢᠶᠠᠨ ᠳᠤ ᠵᠢᠭᠠᠰᠤ ᠲᠡᠵᠢᠭᠡᠬᠦ ᠨᠢ ᠲᠤᠲᠤᠷᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠤᠰᠤᠨ ᠲᠤᠲᠤᠷᠭ᠎ᠠ ᠶᠢᠨ ᠮᠤ᠋ ᠨᠢᠭᠡᠴᠢ ᠶᠢᠨ ᠤᠨᠠᠯᠳᠠ ᠶᠢ ᠳᠡᠭᠡᠭᠰᠢᠯᠡᠭᠦᠯᠬᠦ ᠪᠠᠷ ᠪᠠᠷᠠᠬᠤ ᠥᠬᠡᠶ ᠤᠰᠤᠨ ᠳᠤᠳᠤᠷᠭ᠎ᠠ ᠲᠠᠷᠢᠬᠤ ᠦᠪᠡᠷ ᠤᠨ ᠦᠷᠳᠡᠭ ᠢ ᠮᠤ᠋ ᠪᠦᠷᠢ ᠲᠡᠭᠡᠷ᠎ᠠ 50 ᠲᠥᠭᠦᠷᠢᠭ ᠠᠷᠪᠢᠯᠠᠵᠤ ᠲᠠᠶᠢᠯᠦᠨ᠎ᠠ᠃      ︽ᠡᠨᠡ ᠵᠢᠯ ᠪᠢᠳᠡ ᠪᠥᠬᠦ ᠬᠤᠰᠢᠭᠤᠨ ᠤ 8 ᠰᠢᠶᠠᠩ ᠪᠠᠯᠭᠠᠰᠤᠨ ᠤ 80400 ᠮᠥ  ᠤᠰᠤᠨ ᠲᠤᠳᠤᠷᠭᠠᠨ ᠳᠠᠷᠢᠶᠠᠨ ᠳᠤ ᠵᠢᠭᠠᠰᠤ ᠲᠡᠵᠢᠭᠡᠵᠠᠢ᠂ ᠲᠠᠷᠠᠭᠠᠴᠢ ᠪᠠᠷ ᠪᠢᠳᠡ ᠤᠰᠤᠨ ᠭᠠᠷᠤᠯᠲᠠ ᠶᠢᠨ ᠠᠵᠦ ᠠᠬᠤᠢ ᠶᠢᠨ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠪᠥᠬᠦ ᠬᠤᠰᠢᠭᠤᠨ ᠤ 8 ᠰᠢᠶᠠᠩ ᠪᠠᠯᠭᠠᠰᠤᠨ ᠤ ᠤᠰᠤᠨ ᠲᠤᠳᠤᠷᠭᠠᠨ ᠳᠠᠷᠢᠶᠠᠨ ᠳᠤ ᠵᠢᠭᠠᠰᠤ ᠲᠡᠵᠢᠭᠡᠭᠰᠡᠨ ᠡᠷᠦᠬᠡ ᠳᠤ ᠮᠡᠷᠭᠡᠵᠢᠯ ᠤᠨ ᠵᠢᠯᠣᠭᠤᠳᠣᠯᠭ᠎ᠠ ᠬᠢᠯᠭᠡᠨ᠎ᠠ︾ ᠭᠡᠵᠦ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠵᠢᠭᠠᠰᠤᠨ ᠤ ᠠᠵᠤ ᠠᠬᠤᠶ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ  ᠵᠣᠣ ᠶᠠᠨ ᠯᠦᠩ ᠢᠯᠡᠷᠬᠡᠶᠢᠯᠡᠵᠦ ᠪᠠᠶᠢᠯ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号