2024 ᠣᠨ ᠤ ᠪᠡᠭᠡᠵᠢᠩ ᠦᠪᠤᠷ ᠮᠤᠩᠭᠤᠯ ᠤᠨ ᠬᠦᠳᠡᠯᠮᠤᠷᠢ ᠬᠦᠴᠤᠨ ᠤ ᠬᠠᠮᠵᠢᠯᠴᠠᠭ᠎ᠠ ᠶᠢᠨ ᠲᠤᠰᠬᠠᠢ ᠲᠠᠯᠠᠪᠠᠢ ᠠᠵᠢᠯᠳᠠᠨ ᠡᠯᠰᠡᠬᠦ ᠴᠤᠭᠯᠠᠭᠠᠨ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/22
       ᠤᠶᠢᠷ᠎ᠠ ᠶᠢᠨ ᠡᠳᠤᠷ᠂ ᠪᠡᠭᠡᠵᠢᠩ ᠬᠤᠳᠠ ᠶᠢᠨ ᠹᠧᠩᠲ᠋ᠠᠢ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ  ᠤᠨ ᠤᠷᠳᠤᠨ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠠᠮᠳᠤᠷᠠᠨ ᠡᠷᠬᠢᠯᠡᠭᠰᠡᠨ 2024 ᠣᠨ ᠤ ᠪᠡᠭᠡᠵᠢᠩ ᠦᠪᠤᠷ ᠮᠤᠩᠭᠤᠯ ᠤᠨ ᠬᠦᠳᠡᠯᠮᠤᠷᠢ ᠬᠦᠴᠤᠨ ᠤ ᠬᠠᠮᠵᠢᠯᠴᠠᠭ᠎ᠠ ᠶᠢᠨ ᠲᠤᠰᠬᠠᠢ ᠲᠠᠯᠠᠪᠠᠢ ᠠᠵᠢᠯᠳᠠᠨ ᠡᠯᠰᠡᠬᠦ ᠴᠤᠭᠯᠠᠭᠠᠨ ᠵᠠᠯᠠᠶᠢᠳ ᠬᠤᠰᠢᠭᠤᠨ ᠤ ᠰᠤᠶᠤᠯ ᠤᠨ ᠲᠦᠪ ᠤᠨ ᠠᠭᠤᠳᠠᠮ ᠲᠠᠯᠠᠪᠠᠢ ᠳᠤ ᠶᠠᠪᠤᠭᠳᠠᠵᠠᠢ᠃       ᠲᠤᠰ ᠤᠳᠠᠭᠠᠨ ᠤ ᠠᠵᠢᠯᠯᠠᠭᠠᠨ ᠳᠤ ᠪᠡᠭᠡᠵᠢᠩ ᠬᠤᠳᠠ ᠶᠢᠨ ᠹᠧᠩᠲ᠋ᠠᠢ ᠲᠤᠭᠤᠷᠢᠭ ᠤᠨ 15 ᠠᠵᠤ ᠠᠬᠤᠶᠢᠯᠠᠯ ᠵᠠᠯᠠᠶᠢᠳ ᠬᠤᠰᠢᠭᠤᠨ ᠤ ᠲᠤᠬᠠᠢ ᠶᠢᠨ ᠭᠠᠵᠠᠷ ᠵᠢᠴᠢ ᠪᠤᠰᠤᠳ ᠭᠠᠵᠠᠷ ᠤᠨ 34 ᠠᠵᠤ ᠠᠬᠤᠶᠢᠯᠠᠯ ᠤᠷᠤᠯᠴᠠᠵᠤ᠂ ᠨᠡᠶᠢᠳᠠ 2500 ᠠᠵᠢᠯ ᠤᠨ ᠪᠠᠶᠢᠷᠢ ᠬᠠᠩᠭᠠᠵᠤ᠂ ᠵᠠᠰᠠᠭ ᠵᠠᠬᠢᠷᠭᠠᠨ ᠤ ᠲᠦᠷᠤᠯ᠂ ᠡᠵᠡᠩᠨᠡᠨ ᠪᠤᠷᠤᠯᠠᠭᠤᠯᠬᠤ ᠲᠦᠷᠤᠯ ᠵᠦᠢᠯ ᠵᠡᠷᠭᠡ ᠠᠵᠢᠯ ᠤᠨ ᠪᠠᠶᠢᠷᠢ ᠶᠢ ᠬᠠᠮᠤᠷᠴᠤ᠂ ᠪᠦᠬᠦ ᠲᠠᠯ᠎ᠠ ᠠᠴᠠ ᠠᠳᠠᠯᠢ ᠪᠤᠰᠤ ᠬᠦᠳᠡᠯᠮᠤᠷᠢ ᠬᠦᠴᠤᠨ ᠤ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃       ︽ᠮᠠᠨ ᠤ ᠠᠵᠤ ᠠᠬᠤᠶᠢᠯᠠᠯ ᠤᠯᠠᠨ ᠤᠳᠠᠭ᠎ᠠ ᠲᠤᠬᠠᠢ ᠶᠢᠨ ᠲᠠᠯᠠᠪᠤᠷ ᠤᠨ ᠠᠵᠢᠯᠳᠠᠨ ᠡᠯᠰᠡᠬᠦ ᠴᠤᠭᠯᠠᠭᠠᠨ ᠳᠤ ᠤᠷᠤᠯᠴᠠᠵᠤ᠂ ᠠᠵᠤ ᠠᠬᠤᠶᠢᠯᠠᠯ ᠤᠨ ᠠᠵᠢᠯᠳᠠᠨ ᠬᠡᠷᠡᠭᠯᠡᠬᠦ ᠬᠦᠴᠢᠷ ᠠᠰᠠᠭᠤᠳᠠᠯ ᠢ ᠰᠢᠢᠳᠪᠤᠷᠢᠯᠡᠵᠤ ᠴᠢᠳᠠᠵᠠᠢ᠂ ᠲᠤᠰ ᠤᠳᠠᠭ᠎ᠠ ᠪᠢᠳᠠ 6 ᠠᠵᠢᠯ ᠤᠨ ᠪᠠᠶᠢᠷᠢ ᠬᠠᠩᠭᠠᠨ 20 ᠭᠠᠷᠤᠢ ᠬᠦᠮᠤᠨ ᠡᠯᠰᠡᠬᠦ ᠪᠤᠯᠤᠨ᠎ᠠ᠂ ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠨ ᠮᠠᠨ ᠤ ᠺᠤᠮᠫᠠᠨᠢ ᠳᠤ ᠲᠤᠬᠢᠷᠠᠭᠰᠠᠨ ᠴᠢᠳᠠᠪᠤᠷᠢᠳᠠᠨ ᠢ ᠤᠷᠢᠬᠤ ᠶᠢᠨ ᠬᠠᠮᠳᠤ ᠲᠤᠬᠠᠢ ᠶᠢᠨ ᠭᠠᠵᠠᠷ ᠤᠨ ᠤᠯᠠᠨ ᠲᠦᠮᠡᠨ ᠤ ᠠᠵᠢᠯ ᠤᠯᠬᠤ ᠠᠰᠠᠭᠤᠳᠠᠯ ᠢ ᠰᠢᠢᠳᠪᠤᠷᠢᠯᠡᠬᠦ ᠪᠤᠯᠤᠨ᠎ᠠ︾ ᠭᠡᠵᠤ ᠵᠠᠯᠠᠶᠢᠳ ᠬᠤᠰᠢᠭᠤᠨ ᠤ  ᠮᠣ᠋ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠶᠢᠨ ᠸᠧᠢ ᠳ᠋ᠦᠩ ᠶᠠᠷᠢᠨ᠎ᠠ᠃       ᠲᠤᠰ ᠤᠳᠠᠭᠠᠨ ᠤ ᠠᠵᠢᠯᠳᠠᠨ ᠡᠯᠰᠡᠬᠦ ᠴᠤᠭᠯᠠᠭᠠᠨ ᠨᠢ ᠪᠡᠭᠡᠵᠢᠩ ᠦᠪᠤᠷ ᠮᠤᠩᠭᠤᠯ ᠤᠨ ᠬᠤᠶᠠᠷ ᠭᠠᠵᠠᠷ  ᠤᠨ ᠠᠵᠢᠯ ᠡᠷᠢᠭᠰᠡᠳ ᠲᠤ ᠲᠠᠪᠴᠠᠩ ᠬᠠᠩᠭᠠᠵᠤ᠂ ᠠᠵᠢᠯ ᠤᠯᠬᠤ ᠰᠠᠨᠠᠭ᠎ᠠ ᠲᠠᠢ ᠬᠦᠳᠡᠯᠮᠤᠷᠢ ᠬᠦᠴᠤᠨ ᠤ ᠠᠵᠢᠯ ᠤᠯᠬᠤ ᠶᠢ ᠪᠦᠳᠤᠮᠵᠢᠳᠠᠢ ᠠᠬᠢᠭᠤᠯᠪᠠ᠃ ᠠᠵᠢᠯᠯᠠᠭᠠᠨ ᠳᠤ᠂ ᠲᠤᠬᠠᠢ ᠶᠢᠨ ᠲᠠᠯᠠᠪᠤᠷ ᠲᠤ ᠠᠵᠢᠯᠳᠠᠨ ᠤᠷᠢᠬᠤ ᠶᠢᠨ ᠬᠠᠮᠳᠤ ᠰᠦᠯᠵᠢᠶᠠᠨ ᠤ ᠰᠢᠭᠤᠳ ᠨᠡᠪᠳᠡᠷᠡᠬᠦᠯᠭᠡ ᠪᠠᠷ ᠠᠵᠢᠯᠳᠠᠨ ᠡᠯᠰᠡᠵᠤ᠂ ᠦᠷᠭᠡᠨ ᠤᠯᠠᠨ ᠠᠵᠢᠯ ᠡᠷᠢᠭᠰᠡᠳ ᠤᠨ ︽ᠭᠡᠷ ᠠᠴᠠ ᠪᠠᠨ ᠭᠠᠷᠬᠤ ᠦᠭᠡᠢ︾ ᠪᠠᠷ ᠠᠵᠢᠯ ᠤᠯᠬᠤ ᠶᠢ ᠪᠡᠶᠡᠯᠡᠬᠦᠯᠪᠠ᠃ ᠪᠦᠷᠢᠳᠭᠡᠯ ᠢ ᠦᠨᠳᠤᠰᠤᠯᠡᠪᠡᠯ᠂ ᠠᠵᠢᠯᠳᠠᠨ ᠡᠯᠰᠡᠬᠦ ᠴᠤᠭᠯᠠᠭᠠᠨ ᠳᠤ 1530 ᠭᠠᠷᠤᠢ ᠬᠦᠮᠤᠨ ᠤᠷᠤᠯᠴᠠᠵᠤ᠂ 800 ᠭᠠᠷᠤᠢ ᠬᠤᠪᠢ ᠠᠵᠢᠯᠳᠠᠨ ᠡᠯᠰᠡᠬᠦ ᠲᠤᠪᠴᠢ ᠲᠠᠨᠢᠯᠴᠠᠭᠤᠯᠭ᠎ᠠ᠂ ᠲᠦᠷᠥ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ 105 ᠬᠦᠮᠤᠨ ᠠᠩᠬ᠎ᠠ ᠠᠯᠬᠤᠮ ᠤᠨ ᠠᠵᠢᠯ ᠤᠯᠬᠤ ᠰᠠᠨᠠᠮᠵᠢ ᠲᠤᠭᠳᠠᠵᠠᠢ᠃ ︵ᠢᠥᠢ ᠯᠢᠨ   ᠲᠢᠶᠠᠨ ᠲᠢᠶᠠᠨ︶    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号