ᠢᠨᠳᠡᠷ ᠪᠠᠯᠭᠠᠰᠤ ᠭᠤᠤᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/23
       ᠨᠠᠮ ᠤᠨ ᠭᠡᠰᠢᠭᠦᠨ ᠤᠯᠠᠨ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠨᠣᠮ ᠪᠢᠴᠢᠭ ᠠᠴᠠ ᠮᠡᠳᠡᠯᠭᠡ ᠪᠠ ᠬᠦᠴᠦᠨ ᠴᠢᠳᠠᠯ ᠤᠯᠭᠤᠬᠤ ᠶᠢᠨ ᠲᠥᠯᠥᠭᠡ  ᠣᠶᠢᠷ᠎ᠠ ᠳᠤ᠂ ᠢᠨᠳᠡᠷ ᠪᠠᠯᠭᠠᠰᠤᠨ ᠤ ᠡᠯ᠎ᠡ ᠭᠠᠴᠠᠭ᠎ᠠ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ ︽ᠤᠯᠤᠰ ᠢᠶᠠᠨ ᠬᠦᠴᠦᠷᠬᠡᠭᠵᠢᠭᠦᠯᠤᠨ  ᠮᠠᠨᠳᠤᠭᠤᠯᠬᠤ ᠳᠤ ᠬᠦᠴᠤᠨ ᠴᠢᠳᠠᠯ ᠢᠶᠠᠨ ᠡᠷᠭᠦᠶ᠎ᠡ︾ ᠭᠡᠬᠦ ᠭᠤᠣᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃    ᠲᠤᠰ ᠤᠳᠠᠭᠠᠨ ᠤ ᠠᠵᠢᠯᠯᠠᠭ᠎ᠠ ᠳᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠠᠶᠢᠨ ᠳᠤᠷᠠᠴᠤᠯ ᠲᠣᠰ ᠤᠳᠠᠭᠠᠨ ᠤ ᠨᠣᠮ ᠤᠩᠰᠢᠬᠤ ᠠᠵᠢᠯᠯᠠᠭ᠎ᠠ ᠶᠢ ᠡᠷᠭᠢᠯᠡᠬᠦ ᠶᠢᠨ ᠵᠣᠷᠢᠯᠭ᠎ᠠ ᠵᠢᠴᠢ ᠠᠴᠢ ᠬᠤᠯᠪᠣᠭᠳᠠᠯ ᠢ ᠲᠠᠨᠢᠯᠴᠠᠭᠤᠯᠬᠤ  ᠶᠢᠨ ᠬᠠᠮᠳᠣ ᠲᠣᠰᠬᠤᠨ ᠤ ᠠᠷᠠᠳ ᠢ ᠢᠯᠡᠭᠦᠬᠡᠨ ᠨᠣᠮ ᠤᠩᠰᠢᠵᠤ᠂ ᠰᠠᠶᠢᠨ ᠨᠣᠮ ᠤᠩᠰᠢᠬᠤ ᠶᠢ ᠵᠣᠷᠢᠭᠵᠢᠭᠤᠯᠵᠤ᠂  ᠲᠡᠳᠠᠨᠠᠷ ᠢ ︽ᠡᠳᠦᠷ ᠪᠦᠷᠢ ᠨᠢᠭᠡ ᠴᠠᠭ ᠳᠤᠲᠠᠭᠤ ᠭᠠᠷ ᠤᠲᠠᠰᠤ ᠪᠠᠨ ᠦᠵᠡᠵᠦ᠂ ᠢᠯᠡᠭᠦᠬᠡᠨ ᠨᠣᠮ ᠤᠩᠰᠢᠬᠤ︾ ᠰᠠᠶᠢᠨ ᠳᠠᠳᠬᠠᠯ ᠲᠠᠢ ᠪᠤᠯᠬᠤ ᠶᠢ ᠤᠷᠢᠶᠠᠯᠠᠪᠠ᠃     ᠲᠠᠷᠠᠭᠠᠴᠢ ᠶᠢᠨ ᠠᠯᠬᠤᠮ ᠳᠤ᠂ ᠢᠨᠳᠡᠷ ᠪᠠᠯᠭᠠᠰᠤ ᠪᠥᠬᠦ ᠠᠷᠠᠳ ᠤᠨ ᠤᠩᠰᠢᠯᠭ᠎ᠠ ᠶᠢᠨ ᠪᠠᠶᠢᠩᠭᠤᠵᠢᠭᠰᠠᠨ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠩᠰᠢᠯᠭ᠎ᠠ ᠶᠢ ᠨᠢᠭᠡ ᠵᠦᠢᠯ ᠤᠨ ᠳᠠᠳᠬᠠᠯ ᠪᠣᠯᠭᠠᠵᠤ᠂ ᠤᠩᠰᠢᠯᠭ᠎ᠠ ᠶᠢ ᠲᠣᠰᠬᠤᠨ ᠤ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂  ᠲᠠᠯ᠎ᠠ ᠨᠤᠳᠤᠭ ᠤᠨ ᠨᠣᠮ ᠤᠨ ᠥᠷᠥᠭᠡ ᠶᠢ ᠦᠨᠡᠨ ᠬᠦ ᠲᠣᠰᠬᠤᠨ ᠤ ᠠᠷᠠᠳ ᠤᠨ ︽ᠴᠠᠬᠢᠯᠭᠠᠨ ᠴᠡᠨᠡᠭᠯᠡᠬᠦ ᠥᠷᠲᠡᠭᠡ︾ ᠪᠣᠯᠭᠠᠵᠤ᠂ ᠲᠤᠰᠬᠤᠨ ᠤ ᠠᠷᠠᠳ ᠤᠨ ᠤᠶᠤᠨ ᠤ ᠪᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ ᠪᠠᠶᠢᠨ᠎ᠠ  ᠃
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号