ᠪᠣᠯᠭᠠᠨᠬᠤᠸᠠ ᠰᠤᠮᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/23
    ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠬᠠᠮᠠᠭᠠᠯᠠᠯᠲᠠ ᠶᠢᠨ ᠲᠣᠤᠷ ᠢ ᠤᠯᠠᠮ ᠨᠢᠭᠡ ᠠᠯᠬᠤᠮ ᠨᠢᠭᠲᠠ ᠰᠦᠯᠵᠢᠵᠦ᠂ ᠪᠥᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠵᠤ᠂ ᠥᠷᠭᠡᠨ ᠣᠯᠠᠨ ᠲᠦᠮᠡᠨ ᠤ ᠮᠡᠬᠡᠯᠡᠯ ᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ 7 ᠰᠠᠷ᠎ᠠ ᠶᠢᠨ 18 ᠤ ᠡᠳᠦᠷ᠂ ᠵᠠᠯᠠᠶᠢᠳ ᠬᠤᠰᠢᠭᠤᠨ ᠤ ᠪᠣᠯᠭᠠᠨᠬᠤᠸᠠ ᠰᠤᠮᠤ᠂ ᠬᠤᠰᠢᠭᠤᠨ ᠤ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ︽ᠮᠡᠬᠡᠯᠡᠯ ᠤᠨ ᠰᠢᠨ᠎ᠡ ᠠᠷᠭ᠎ᠠ ᠶᠢ ᠰᠡᠷᠡᠮᠵᠢᠯᠡᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠶ᠎ᠡ︾ ᠭᠡᠬᠦ ᠭᠤᠤᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠲᠠᠳ ᠲᠤᠬᠠᠶ ᠶᠢᠨ ᠲᠠᠯᠠᠪᠠᠶ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠳᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠡᠲᠡᠭᠡᠳ ᠤᠨ ᠬᠡᠷᠡᠭᠯᠡᠵᠦ ᠳᠠᠳᠤᠭᠰᠠᠨ ᠠᠷᠭ᠎ᠠ ᠪᠠᠷᠢᠯ᠂ ᠬᠡᠷᠡᠭ ᠬᠢᠬᠦ ᠣᠨᠴᠠᠯᠢᠭ ᠢ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠥᠷᠭᠡᠨ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠥᠪᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ︽ᠬᠤᠶᠠᠷ ᠺᠠᠷᠲ︾ ᠤᠨ ᠮᠡᠬᠡᠯᠡᠯ ᠤᠨ ᠦᠷᠭᠦᠯᠵᠢ ᠲᠣᠬᠢᠶᠠᠯᠳᠤᠬᠤ ᠠᠷᠭ᠎ᠠ ᠵᠠᠮ ᠪᠠ ᠰᠢᠨ᠎ᠡ ᠬᠡᠯᠪᠡᠷᠢ ᠶᠢᠨ ᠠᠷᠭ᠎ᠠ ᠪᠠᠷᠢᠯ ᠢ ᠢᠯᠭᠠᠨ ᠲᠠᠨᠢᠬᠤ ᠶᠢ ᠰᠠᠨᠠᠭᠤᠯᠵᠤ᠂  ᠣᠯᠠᠨ ᠲᠦᠮᠡᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠲᠤᠬᠠᠶ ᠲᠠᠨᠢᠯᠲᠠ ᠶᠢ ᠨᠡᠮᠡᠭᠳᠡᠭᠦᠯᠪᠡ᠃      ᠲᠥᠪᠯᠡᠷᠡᠭᠦᠯᠦᠨ ᠤᠬᠠᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠪᠣᠯᠭᠠᠨᠬᠤᠸᠠ ᠰᠤᠮᠤ ᠬᠤᠰᠢᠭᠤᠨ ᠤ ᠪᠠᠶᠢᠴᠠᠭᠠᠬᠤ ᠬᠤᠷᠢᠶ᠎ᠠ ᠲᠠᠢ ᠠᠳᠠᠯᠢ ᠪᠤᠰᠤ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠶ ᠤᠬᠠᠭᠤᠯᠭ᠎ᠠ ᠥᠷᠨᠢᠭᠦᠯᠪᠡ᠃ ᠰᠤᠷᠤᠭᠴᠢᠳ ᠲᠤ ᠴᠢᠭᠯᠡᠭᠦᠯᠦᠨ ᠭᠡᠷ ᠤᠨ ᠠᠬᠠᠮᠠᠳ ᠲᠤ ᠨᠢᠭᠡ ᠬᠤᠪᠢ ᠵᠠᠬᠢᠳᠠᠯ ᠢᠯᠡᠭᠡᠬᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠭᠤᠤᠯᠳᠠᠯᠭ᠎ᠠ ᠲᠠᠢ ᠤᠬᠠᠭᠤᠯᠪᠠ᠂᠃ ᠨᠠᠰᠤᠲᠠᠶᠢᠴᠤᠳ᠂ ᠡᠮᠡᠭᠲᠡᠶᠢᠴᠦᠳ ᠵᠡᠷᠭᠡ ᠬᠦᠮᠦᠰ ᠲᠤ ᠴᠢᠭᠯᠡᠭᠦᠯᠦᠨ᠂ ᠴᠠᠬᠢᠯᠭᠠᠨ ᠮᠡᠬᠡᠯᠡᠯ ᠤᠨ ︽ᠬᠤᠶᠠᠷ ᠺᠠᠷᠲ︾ ᠢ ᠭᠤᠤᠯᠳᠠᠯᠭ᠎ᠠ ᠲᠠᠢ ᠤᠬᠠᠭᠤᠯᠵᠤ᠂ ᠴᠠᠬᠢᠯᠭᠠᠨ  ᠬᠤᠯᠪᠤᠭᠠᠨ ᠤ ᠮᠡᠬᠡᠯᠡᠯ ᠤᠨ ︽ ᠮᠡᠬᠡᠯᠡᠭᠳᠡᠬᠦ  ᠡᠳᠡᠭᠡᠳ︾ ᠪᠣᠯᠬᠤ ᠶᠢ ᠰᠡᠷᠭᠡᠶᠢᠯᠡᠨ ᠬᠤᠷᠢᠭᠯᠠᠪᠠ᠃ ᠬᠤᠳᠠᠯᠳᠤᠭᠠᠨ ᠤ ᠡᠷᠦᠬᠡ ᠳᠤ ᠬᠠᠨᠳᠤᠭᠤᠯᠤᠨ  ᠬᠠᠮᠢᠶ᠎ᠠ ᠪᠦᠬᠦᠢ ᠡᠵᠡᠩᠨᠡᠬᠦ ᠭᠡᠷᠡᠴᠢ᠂ ᠲᠠᠮᠠᠭ᠎ᠠ ᠬᠠᠷ᠎ᠠ ᠪᠠᠨ ᠲᠤᠷ᠎ᠠ ᠪᠠᠷ ᠪᠤᠰᠤᠳ ᠲᠤ᠂ ᠬᠤᠳᠠᠯᠳᠤᠬᠤ᠂ ᠲᠦᠷᠢᠶᠡᠰᠦᠯᠡᠭᠦᠯᠬᠦ᠂ ᠵᠢᠭᠡᠯᠡᠭᠦᠯᠬᠦ ᠶᠢ ᠴᠠᠭᠠᠵᠠᠯᠠᠬᠤ᠂ ᠤᠯᠠᠨ ᠲᠦᠮᠡᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠲᠠᠢ ᠬᠤᠯᠪᠣᠭᠳᠠᠬᠤ ᠲᠤᠬᠠᠢ ᠲᠠᠨᠢᠯᠲᠠ ᠶᠢ ᠪᠦᠲᠦᠮᠵᠢᠲᠡᠢ ᠴᠢᠩᠭᠠᠳᠬᠠᠪᠠ᠃
    ᠲᠠᠷᠠᠭᠠᠴᠢ ᠶᠢᠨ ᠠᠯᠬᠤᠮ ᠳᠤ᠂ ᠬᠤᠶᠠᠷ ᠪᠠᠶᠢᠭᠤᠯᠭ᠎ᠠ ᠨᠢᠭᠡᠴᠢ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠰᠡᠷᠭᠡᠶᠢᠯᠡᠨ ᠬᠠᠮᠠᠭᠠᠯᠠᠬᠤ ᠲᠣᠤᠷ ᠢ ᠤᠯᠠᠮ ᠨᠢᠭᠡ ᠠᠯᠬᠤᠮ ᠨᠢᠭᠲᠠ ᠰᠦᠯᠵᠢᠵᠦ᠂ ︽ᠪᠥᠬᠦ ᠠᠷᠠᠳ ᠢ ᠳᠠᠶᠢᠴᠢᠯᠠᠬᠤ᠂ ᠪᠥᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠪᠦᠬᠦᠯᠢ ᠴᠣᠭᠴᠠ ᠶᠢᠨ  ᠬᠠᠮᠳᠤᠷᠠᠯ ᠤᠨ ᠬᠦᠴᠦᠨ ᠢ ᠦᠨᠡᠨ ᠬᠦ ᠪᠣᠶ ᠪᠣᠯᠭᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠣᠯᠠᠨ ᠡᠭᠦᠰᠬᠦ ᠪᠠᠶᠢᠳᠠᠯ ᠢ ᠡᠷᠡᠰ ᠬᠤᠷᠢᠭᠯᠠᠵᠤ᠂ ᠲᠣᠰ ᠭᠠᠵᠠᠷ ᠣᠷᠣᠨ ᠤ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃
 
ᠢᠷᠡᠯᠲᠡ᠄ ᠪᠣᠯᠭᠠᠨᠬᠤᠸᠠ ᠰᠤᠮᠤ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号