ᠢᠨᠳᠡᠷ ᠪᠠᠯᠭᠠᠰᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠰᠠᠶᠢᠲᠤᠷ ᠬᠢᠵᠤ ᠪᠤᠢ
ᠨᠡᠶᠢᠲᠡᠯᠡᠭᠰᠡᠨ ᠴᠠᠭ᠄
2024/7/23
   ᠡᠨᠡ ᠵᠢᠯ ᠠᠴᠠ ᠨᠠᠰᠢ᠂ ᠵᠠᠯᠠᠶᠢᠳ ᠬᠤᠰᠢᠭᠤᠨ ᠤ ᠢᠨᠳᠡᠷ ᠪᠠᠯᠭᠠᠰᠤ ᠶᠢᠨ ᠬᠠᠤᠯᠢ ᠴᠠᠭᠠᠵᠠ ᠶᠢᠨ ᠭᠠᠵᠠᠷ ᠤᠨᠢᠨ ᠳᠡᠭᠡᠷ᠎ᠡ ᠨᠢ ᠬᠦᠴᠤᠯᠡᠨ ᠬᠠᠤᠯᠢ ᠶᠢ ᠲᠦᠭᠡᠮᠡᠯᠵᠢᠭᠦᠯᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠤᠯᠠᠨ ᠲᠡᠰ ᠳᠠᠪᠬᠤᠷᠭ᠎ᠠ᠂ ᠤᠯᠠᠨ ᠠᠷᠭ᠎ᠠ ᠵᠠᠮ᠂ ᠤᠯᠠᠨ ᠬᠡᠯᠪᠡᠷᠢ ᠶᠢᠨ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠠᠪᠴᠤ᠂ ᠬᠠᠤᠯᠢ ᠶᠢ ᠲᠦᠭᠡᠮᠡᠯᠵᠢᠭᠦᠯᠬᠦ ᠰᠢᠷᠢᠰ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠮᠤᠷ  ᠠᠮᠤᠭᠤᠯᠠᠩ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠵᠦ᠂ ᠠᠮᠤᠷ ᠠᠮᠤᠭᠤᠯᠠᠩ ᠬᠠᠤᠯᠢᠵᠢᠯ ᠤᠨ ᠭᠦᠨ ᠵᠤᠵᠠᠭᠠᠨ ᠠᠭᠤᠷ ᠠᠮᠢᠰᠬᠤᠯ ᠢ  ᠰᠠᠶᠢᠳᠦᠷ ᠪᠤᠢ ᠪᠣᠯᠭᠠᠵᠤ ᠪᠤᠢ᠃    ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠲᠦᠭᠡᠮᠡᠯᠵᠢᠭᠦᠯᠬᠦ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ︽ᠬᠠᠤᠯᠢ ᠴᠠᠭᠠᠵᠠ ᠶᠢᠨ ᠵᠥᠪᠯᠡᠭᠴᠢ + ᠲᠣᠰᠬᠤᠨ ︵ᠨᠡᠶᠢᠭᠡᠮ ᠲᠣᠭᠤᠷᠢᠭ︶ ᠤ ᠺᠠᠳ᠋ᠷ + ᠬᠠᠤᠯᠢ ᠶᠢ ᠤᠶᠢᠯᠠᠭᠠᠭᠴᠢ +ᠠᠷᠠᠳ ᠤᠨ ᠡᠶᠡᠳᠡᠭᠦᠯᠦᠭᠴᠢ + ᠶᠡᠷᠦᠩᠬᠡᠶᠢᠯᠡᠨ ᠵᠠᠰᠠᠬᠤ ᠰᠦᠯᠵᠢᠶᠡᠨ ᠤ ᠠᠵᠢᠯᠲᠠᠨ︾ ᠤ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠰᠢᠰᠲ᠋ᠧᠮ ᠢ ᠪᠠᠶᠢᠭᠤᠯᠵᠤ᠂ ᠤᠬᠠᠭᠤᠯᠬᠤ ᠠᠷᠭ᠎ᠠ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠵᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠪᠡ᠃     ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠬᠠᠤᠯᠢ ᠲᠦᠭᠡᠮᠡᠯᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠪᠠᠷ ᠵᠤᠷᠢᠯᠭ᠎ᠠ ᠪᠣᠯᠭᠠᠵᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠪᠠ ᠦᠨᠳᠦᠰᠦᠨ ᠱᠠᠲᠤᠨ ᠤ ᠣᠯᠠᠨ ᠲᠦᠮᠡᠨ ᠤ ᠬᠠᠤᠯᠢ ᠪᠠᠷ ᠵᠠᠰᠠᠬᠤ ᠬᠡᠷᠡᠭᠴᠡᠭᠡ ᠶᠢ ᠭᠦᠢᠴᠡᠳ ᠣᠶᠢᠯᠠᠭᠠᠭᠰᠠᠨ ᠰᠠᠭᠤᠷᠢᠨ ᠳᠡᠭᠡᠷ᠎ᠡ᠂ ᠠᠵᠢᠯᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ︽ᠲᠣᠪᠶᠤᠭ︾ ᠢ ᠲᠣᠭᠲᠠᠭᠠᠵᠤ᠂ ᠬᠠᠤᠯᠢ ᠴᠠᠭᠠᠵᠠ ᠶᠢᠨ ᠠᠵᠢᠯᠲᠠᠳ ᠢ ᠵᠣᠬᠢᠶᠠᠨ ᠪᠠᠶᠢᠭᠤᠯᠤᠨ ︽ᠲᠣᠪᠶᠤᠭ ᠤᠨ ᠬᠡᠯᠪᠡᠷᠢ︾ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠪᠡ ᠃ ᠬᠠᠤᠯᠢᠴᠢ ᠶᠢ ᠵᠣᠬᠢᠶᠠᠨ ᠪᠠᠶᠢᠭᠤᠯᠤᠨ ᠠᠶᠢᠯ ᠲᠣᠰᠬᠤᠨ ᠢᠶᠠᠷ ᠭᠦᠨᠵᠡᠭᠡᠶᠢᠷᠡᠭᠦᠯᠦᠨ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢ ᠥᠷᠨᠢᠭᠦᠯᠵᠦ᠂ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ ᠲᠠᠶᠢᠯᠤᠮᠵᠢ ᠬᠢᠯᠭᠡᠵᠦ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠣᠯᠠᠨ ᠲᠦᠮᠡᠨ ᠤ ᠰᠡᠳᠬᠢᠯ ᠳᠤ ᠬᠦᠷᠭᠡᠵᠦ᠂ ᠬᠠᠤᠯᠢ ᠪᠠᠷ ᠵᠠᠰᠠᠬᠤ ᠤᠶᠢᠯᠡᠴᠢᠯᠡᠭᠡᠨ ᠤ ᠣᠷᠴᠢᠨ ᠨᠥᠬᠦᠴᠡᠯ ᠢ ᠶᠡᠭᠡ ᠪᠠᠷ ᠪᠣᠶ ᠪᠣᠯᠭᠠᠪᠠ᠃
    ᠤᠬᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠬᠠᠤᠯᠢ ᠲᠦᠭᠡᠮᠡᠯᠵᠢᠭᠦᠯᠬᠦ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠤ ︽ᠠᠵᠤ ᠦᠢᠯᠡᠰ ᠤᠨ ᠪᠣᠯᠪᠠᠰᠤᠷᠠᠯ︾ ᠤᠨ ᠲᠥᠪᠯᠡᠷᠡᠩᠭᠦᠶ᠂ ᠥᠷᠭᠡᠨ ᠣᠯᠠᠨ ᠣᠨᠴᠠᠯᠢᠭ ᠢ ᠭᠦᠢᠴᠡᠳ ᠠᠰᠢᠭᠯᠠᠨ᠂ ᠬᠠᠤᠯᠢ ᠴᠠᠭᠠᠵᠠ ᠶᠢᠨ ᠯᠠᠪᠯᠠᠭ᠎ᠠ ᠶᠢᠨ ᠲᠠᠪᠴᠠᠩ ᠪᠠᠶᠢᠭᠤᠯᠬᠤ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ᠠᠮᠤᠷ ᠠᠮᠤᠭᠤᠯᠠᠩ ᠤᠨ ᠪᠠᠶᠢᠭᠤᠯᠤᠯᠲᠠ᠂ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠵᠡᠷᠭᠡ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ᠪᠠᠯᠭᠠᠰᠤᠨ ᠤ ᠠᠮᠤᠷ ᠠᠮᠤᠭᠤᠯᠠᠩ ᠤᠨ ᠠᠵᠢᠯ ᠤᠨ ᠠᠯᠪᠠᠨ ᠬᠡᠷ᠂ ᠶᠡᠷᠦᠩᠬᠡᠶᠢᠯᠡᠨ ᠵᠠᠰᠠᠬᠤ ᠠᠯᠪᠠᠨ ᠬᠡᠷ᠂ ᠶᠡᠷᠦᠩᠬᠡᠢ ᠬᠠᠤᠯᠢ ᠬᠡᠷᠡᠭᠵᠢᠭᠦᠯᠬᠦ ᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠬᠠᠤᠯᠢ ᠪᠠᠷ ᠵᠠᠰᠠᠬᠤ ᠶᠢ ᠬᠠᠮᠠᠭᠠᠯᠠᠵᠤ᠂ ᠬᠠᠮᠲᠤ ᠪᠠᠷ ᠦᠰᠦᠨ ᠪᠤᠶᠢᠵᠢᠶ᠎ᠠ︾ ᠭᠡᠬᠦ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠢ  ᠲᠠᠶᠢᠴᠢᠯᠠᠨ ᠵᠢᠯᠣᠭᠤᠳᠴᠤ ᠪᠠᠶᠢᠭᠠᠳ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠳᠠᠳᠬᠠᠯ ᠲᠠᠢ ᠪᠤᠯᠭᠠᠭᠰᠠᠨ ᠪᠠᠶᠢᠨ᠎ᠠ ᠃ ᠣᠳᠣᠬᠠᠨ ᠪᠣᠯᠲᠠᠯ᠎ᠠ᠂ ᠡᠯ᠎ᠡ ᠲᠥᠷᠥᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠨᠢᠭᠡᠨᠲᠡ 10 ᠭᠠᠷᠤᠶ ᠲᠠᠯᠠᠪᠤᠷ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 5000 ᠭᠠᠷᠤᠶ ᠬᠤᠪᠢ ᠲᠠᠷᠬᠠᠭᠠᠪᠠ᠃    
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号