ᠬᠤᠯᠪᠤᠭ᠎ᠠ ᠪᠠᠯᠭᠠᠰᠦ ᠶᠢᠨ ᠨᠠᠮ ᠤᠨ ᠬᠤᠷᠢᠶ᠎ᠠ ᠶᠢᠨ ᠱᠦᠵᠢ ᠯᠤ᠋ ᠶᠦᠩ ᠽᠧ ᠶᠢᠨ ᠣᠶᠢᠯᠠ ᠠᠵᠢᠯᠠᠭ᠎ᠠ
ᠨᠡᠶᠢᠲᠡᠯᠡᠭᠰᠡᠨ ᠴᠠᠭ᠄
2024/7/23
    ᠲᠡᠷᠡ ᠤᠯᠠᠨ ᠵᠢᠯ ᠤᠨ ᠲᠤᠷᠰᠢ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠦ ᠶᠢᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠲᠦᠯᠦᠬᠡ ᠬᠦᠴᠦ ᠬᠦᠯᠦᠰᠦ ᠪᠠᠨ ᠤᠷᠤᠰᠬᠠᠵᠦ᠂ ᠤᠶᠤᠨ ᠲᠠᠷᠢᠬᠢ ᠪᠠᠨ ᠰᠢᠪᠬᠠᠵᠤ ᠦᠨᠳᠦᠰᠦᠨ ᠱᠠᠳᠦᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ ᠢᠶᠠᠨ ᠪᠦᠷᠢᠮᠦᠰᠦᠨ ᠪᠠᠳᠠᠷᠠᠭᠤᠯᠵᠦ᠂ ᠤᠯᠠᠨ ᠠᠷᠭ᠎ᠠ ᠪᠠᠷ ᠬᠦᠭᠵᠢᠯᠳᠡ ᠶᠢ ᠠᠬᠢᠭᠤᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠰᠢᠨ᠎ᠠ ᠬᠠᠭᠤᠳᠠᠰᠦ ᠶᠢ ᠪᠢᠴᠢᠭᠯᠡᠵᠡᠢ᠃ ᠲᠡᠷᠡ ᠦᠪᠡᠷᠳᠡᠬᠡᠨ ᠵᠠᠰᠠᠬᠤ ᠤᠷᠤᠨ ᠤ ᠰᠢᠯᠢᠳᠡᠭ ᠨᠠᠮ ᠤᠨ ᠠᠵᠢᠯ ᠤᠨ ᠠᠵᠢᠯᠳᠠᠨ ᠤ ᠢᠷᠠᠭᠤ ᠠᠯᠳᠠᠷ ᠢ ᠬᠦᠷᠳᠡᠭᠰᠡᠨ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠦ ᠶᠢᠨ ᠨᠠᠮ ᠤᠨ ᠬᠤᠷᠢᠶ᠎ᠠ ᠶᠢᠨ ᠱᠦᠵᠢ ᠯᠤ᠋ ᠶᠦᠩ ᠽᠧ ᠪᠤᠯᠤᠨ᠎ᠠ᠃     ᠯᠤ᠋ ᠶᠦᠩ ᠽᠧ ᠢᠮᠠᠬᠳᠠ ᠠᠷᠠᠳ ᠤᠨ ᠪᠠᠶᠢᠳᠠᠯ ᠢ ᠨᠠᠷᠢᠯᠢᠭ ᠤᠶᠢᠯᠠᠭᠠᠵᠦ᠂ ᠠᠷᠠᠳ ᠤᠨ ᠵᠤᠪᠠᠨᠢᠵᠦ ᠪᠠᠶᠢᠭ᠎ᠠ ᠠᠰᠠᠭᠤᠳᠠᠯ ᠢ ᠲᠦᠷᠦᠬᠦᠨ ᠪᠠᠶᠢᠷᠢᠨ ᠳᠤ ᠲᠠᠯᠪᠢᠳᠠᠭ᠃ ᠤᠯᠠᠨ ᠲᠦᠮᠡᠨ ᠤ ᠲᠤᠷᠠᠳᠤᠬᠰᠠᠨ ᠰᠠᠨᠠᠯ ᠢ ᠨᠠᠷᠢᠯᠢᠭ ᠰᠤᠨᠤᠰᠴᠦ᠂ ᠰᠶᠢᠳᠪᠦᠷᠢᠯᠡᠵᠦ ᠦᠭᠴᠦ ᠪᠠᠶᠢᠳᠠᠭ᠃     ᠬᠤᠯᠪᠤᠭ᠎ᠠ ᠪᠠᠯᠭᠠᠰᠦ ᠶᠢᠨ ᠴᠦ᠋ ᠴᠢ᠄ ︽ᠨᠢᠳᠦᠨᠦᠨ ᠮᠠᠨ ᠤ ᠬᠡᠷ ᠤᠨ ᠲᠤᠯᠠᠭᠠᠯᠠᠮᠵᠢ ᠲᠤᠩ ᠮᠠᠭᠤ᠂ ᠪᠢᠳᠡ ᠬᠤᠯᠪᠤᠭ᠎ᠠ ᠪᠠᠯᠭᠠᠰᠦ ᠶᠢᠨ ᠵᠠᠰᠠᠭ ᠤᠨ ᠤᠷᠳᠤᠨ ᠳᠤ ᠡᠨᠡᠬᠦ ᠪᠠᠶᠢᠳᠠᠯ ᠢᠶᠠᠨ ᠬᠡᠯᠡᠭᠰᠡᠨ ᠳᠤ ᠲᠡᠳᠡ ᠲᠤᠯᠠᠭᠠᠯᠠᠭ᠎ᠠ ᠶᠢᠨ ᠢᠨᠵᠧᠨᠧᠷᠢᠩ ᠢ ᠬᠢᠵᠦ᠂ ᠡᠨᠡ ᠡᠪᠦᠯ ᠲᠤᠯᠠᠭᠠᠨ ᠡᠪᠦᠯᠵᠢᠬᠦ ᠪᠤᠯᠬᠤ ᠨᠢ ᠡ︕︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃    ᠯᠤ᠋ ᠶᠦᠩ ᠽᠧ ᠬᠤᠯᠪᠤᠭ᠎ᠠ ᠪᠠᠯᠭᠠᠰᠦ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠬᠦᠷᠭᠡᠯᠡᠭᠰᠡᠨ ᠠᠴᠠ ᠨᠠᠭᠠᠰᠢ᠂ ᠨᠠᠮ ᠤᠨ ᠪᠠᠶᠢᠭᠤᠯᠤᠯᠳᠠ ᠶᠢᠨ ᠠᠵᠢᠯ ᠤᠨ ᠰᠢᠨ᠎ᠠ ᠰᠡᠳᠬᠢᠮᠵᠢ᠂ ᠰᠢᠨ᠎ᠠ ᠠᠷᠭ᠎ᠠ ᠠᠪᠴᠠᠯ ᠢ ᠢᠳᠡᠪᠬᠢᠳᠡᠢ ᠲᠦᠰᠦᠪᠯᠡᠵᠦ᠂ ᠦᠨᠳᠦᠰᠦᠨ ᠱᠠᠳᠦᠨ ᠤ ᠴᠡᠭᠴᠡᠯᠡᠨ ᠵᠠᠰᠠᠯᠳᠠ ᠶᠢᠨ ᠲᠤᠬᠳᠠᠴᠠ ᠶᠢ ᠬᠡᠷᠡᠭᠵᠢᠬᠦᠯᠵᠦ᠂ ᠪᠦᠬᠦ ᠵᠢᠯ ᠢᠶᠠᠷ ᠢᠶᠠᠨ ︽ᠭᠤᠶᠤᠵᠢᠭᠤᠯᠬᠤ᠂ ᠪᠠᠶᠠᠵᠢᠭᠤᠯᠬᠤ᠂ ᠰᠡᠷᠬᠡᠶᠢᠯᠡᠬᠦ᠂ ᠵᠠᠰᠠᠬᠤ︾ ᠠᠵᠢᠯᠯᠠᠭ᠎ᠠ ᠶᠢ ᠮᠢᠩᠭ᠎ᠠ ᠭᠠᠷᠦᠢ ᠤᠳᠠᠭ᠎ᠠ ᠦᠷᠨᠢᠬᠦᠯᠵᠦ᠂ ᠤᠯᠠᠨ ᠲᠦᠮᠡᠨ ᠢ ᠳᠠᠶᠢᠴᠢᠯᠠᠨ ᠦᠨᠳᠦᠰᠦᠨ ᠱᠠᠳᠦᠨ ᠤ ᠨᠡᠶᠢᠬᠡᠮ ᠤᠨ ᠵᠠᠰᠠᠯᠳᠠ ᠳᠤ ᠢᠳᠡᠪᠬᠢᠳᠡᠢ ᠤᠷᠤᠯᠴᠠᠭᠤᠯᠵᠦ᠂ ︽ᠨᠢᠬᠡ ᠡᠷᠦᠬᠡ ᠪᠠᠷ ᠠᠷᠪᠠᠨ ᠡᠷᠦᠬᠡ ᠶᠢ ᠲᠠᠭᠠᠭᠤᠯᠬᠤ ᠂ ᠨᠢᠬᠡ ᠡᠷᠦᠬᠡ ᠪᠠᠷ ᠠᠷᠪᠠᠨ ᠡᠷᠦᠬᠡ ᠶᠢ ᠨᠦᠯᠦᠬᠡᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠠᠢ᠃ ᠯᠤ᠋ ᠶᠦᠩ ᠽᠧ ᠠᠵᠦ ᠦᠢᠯᠡᠰ ᠤᠨ ᠬᠦᠳᠡᠭᠡ ᠲᠤᠰᠬᠤᠨ ᠤ ᠬᠦᠭᠵᠢᠯᠳᠡ ᠳᠠᠬᠢ ᠴᠢᠬᠤᠯᠠ ᠴᠢᠨᠠᠷ ᠢ ᠬᠦᠨᠵᠡᠬᠡᠢ ᠤᠶᠢᠯᠠᠭᠠᠵᠦ᠂ ︽ᠲᠠᠷᠢᠶᠠᠯᠠᠩ ᠤᠨ ᠦᠢᠯᠡᠰ + ᠵᠢᠭᠤᠯᠴᠢᠯᠠᠯ︾ ᠤᠨ ᠬᠦᠭᠵᠢᠯᠳᠡ ᠶᠢᠨ ᠵᠠᠬᠪᠦᠷ ᠢ ᠬᠡᠷᠡᠭᠵᠢᠬᠦᠯᠵᠦ᠂ ᠲᠤᠳᠤᠷᠭ᠎ᠠ ᠶᠢᠨ ᠠᠵᠦ ᠦᠢᠯᠡᠰ ᠢ ᠰᠠᠶᠢᠳᠦᠷ ᠬᠦᠭᠵᠢᠬᠦᠯᠵᠡᠢ᠃ ᠪᠦᠬᠦ ᠪᠠᠯᠭᠠᠰᠦᠨ ᠳᠤ ︽ᠲᠤᠳᠤᠷᠭᠠᠨ ᠲᠠᠷᠢᠶᠠᠨ ᠤ ᠵᠢᠭᠠᠰᠦ᠂ ᠲᠤᠳᠤᠷᠭᠠᠨ ᠲᠠᠷᠢᠶᠠᠨ ᠤ ᠨᠤᠭᠤᠰᠤ᠂ ᠲᠤᠳᠤᠷᠭᠠᠨ ᠲᠠᠷᠢᠶᠠᠨ ᠤ ᠨᠠᠶᠢᠮᠠᠯᠵᠢ᠂ ᠲᠤᠳᠤᠷᠭᠠᠨ ᠲᠠᠷᠢᠶᠠᠨ ᠤ ᠵᠢᠷᠠᠭᠠᠬᠠᠢ︾ ᠲᠦᠷᠪᠡᠨ ᠬᠠᠮᠳᠤᠪᠡᠷ ᠤᠷᠤᠰᠢᠬᠤ ᠳᠤᠳᠤᠷᠭᠠᠨ ᠳᠠᠷᠢᠶ᠎ᠠ ᠶᠢ ᠲᠠᠨᠢᠵᠦ ᠠᠪᠬᠤ ᠰᠠᠭᠤᠷᠢᠨ ᠭᠠᠵᠠᠷ ᠢ 2.6 ᠲᠦᠮᠡᠨ ᠮᠤ᠋ ᠪᠠᠶᠢᠭᠤᠯᠵᠦ᠂ ᠤᠰᠤᠨ ᠲᠤᠳᠤᠷᠭ᠎ᠠ ᠶᠢᠨ ᠠᠵᠦ ᠦᠢᠯᠡᠰ ᠤᠨ ᠬᠡᠯᠬᠢᠶ᠎ᠡ ᠶᠢ ᠤᠷᠳᠤᠳᠬᠠᠵᠦ᠂ ︽ᠠᠮᠤ ᠶᠢᠨ ᠠᠵᠦ ᠠᠬᠤᠢ︾ ᠶᠢ ᠬᠦᠭᠵᠢᠬᠦᠯᠵᠦ᠂ ᠪᠤᠳᠠᠭᠠᠨ ᠠᠷᠢᠬᠢ᠂ ᠨᠠᠩᠬᠢ ᠲᠤᠳᠤᠷᠭᠠᠨ ᠪᠤᠭᠤᠷᠰᠤᠭ ᠵᠡᠷᠭᠡ ᠦᠢᠯᠡᠳᠬᠦᠨ ᠢ ᠰᠤᠳᠤᠯᠤᠨ ᠨᠡᠬᠡᠬᠡᠭᠰᠡᠨ ᠪᠦᠭᠡᠳ ︽ᠲᠤᠳᠤᠷᠭᠠᠨ︾ ᠰᠤᠶᠤᠯ ᠤᠨ ᠬᠦᠭᠵᠢᠯᠳᠡ ᠪᠠᠷ ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠯ ᠬᠦᠭᠵᠢᠯᠳᠡ ᠶᠢᠨ ᠠᠵᠦ ᠦᠢᠯᠡᠰ ᠤᠨ ᠲᠤᠭᠤᠷᠢᠨ ᠳᠤ ᠬᠤᠯᠪᠤᠭ᠎ᠠ ᠲᠤᠳᠤᠷᠭᠠᠨ ᠦᠵᠡᠮᠵᠢ ᠶᠢᠨ ᠤᠷᠤᠨ ᠢᠶᠠᠷ ᠭᠤᠤᠯᠳᠠᠯᠭ᠎ᠠ ᠪᠤᠯᠭᠠᠵᠦ᠂ ︽ᠲᠤᠳᠤᠷᠭᠠᠨ ᠦᠨᠦᠷᠳᠤ ᠵᠢᠵᠢᠭ ᠪᠠᠯᠭᠠᠰᠦ︾ ᠶᠢᠨ ᠪᠠᠶᠢᠭᠤᠯᠤᠯᠳᠠ ᠶᠢ ᠠᠬᠢᠭᠤᠯᠵᠠᠢ᠃ ᠬᠤᠯᠪᠤᠭ᠎ᠠ ᠪᠠᠯᠭᠠᠰᠦ 2023 ᠤᠨ ᠳᠤ ᠪᠦᠬᠦ ᠤᠷᠤᠨ ᠤ ︽ᠲᠠᠷᠢᠶᠠᠯᠠᠩ ᠰᠤᠶᠤᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠬᠦᠯᠬᠦ ᠪᠠᠯᠭᠠᠰᠦ︾ ᠪᠠᠷ ᠦᠨᠡᠯᠡᠭᠳᠡᠵᠡᠢ᠃     ᠬᠤᠯᠪᠤᠭ᠎ᠠ ᠪᠠᠯᠭᠠᠰᠦ ᠶᠢᠨ ᠨᠠᠮ ᠵᠠᠰᠠᠭ ᠤᠨ ᠶᠡᠷᠦᠩᠭᠡᠶᠢᠯᠡᠭᠰᠡᠨ ᠠᠯᠪᠠᠨ ᠬᠡᠷ ᠤᠨ ᠡᠷᠬᠢᠯᠡᠭᠴᠢ ᠲᠠᠩ ᠸᠧᠨ ᠬᠤ᠋ ᠄ ︽ ᠯᠤ᠋ ᠱᠦᠵᠢ ᠦᠨᠳᠦᠰᠦᠨ ᠱᠠᠳᠦᠨ ᠤ ᠨᠠᠮ ᠤᠨ ᠪᠠᠶᠢᠭᠤᠯᠤᠯᠳᠠ᠂ ᠤᠳᠤᠬᠢᠴᠢᠯᠠᠬᠰᠠᠨ ᠲᠠᠷᠢᠶᠠᠯᠠᠩ ᠤᠨ ᠦᠢᠯᠡᠰ ᠂ ᠪᠦᠬᠦ ᠬᠡᠪᠴᠢᠶᠡᠨ ᠤ ᠭᠠᠵᠠᠷ ᠰᠢᠷᠦᠢ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ᠂ ᠬᠦᠳᠡᠭᠡ ᠲᠤᠰᠬᠤᠨ ᠤ ᠬᠦᠭᠵᠢᠯᠳᠡ᠂ ᠬᠦᠳᠡᠭᠡ ᠲᠤᠰᠬᠤᠨ ᠢ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠲᠠᠯ᠎ᠠ ᠪᠠᠷ ᠰᠡᠳᠬᠢᠮᠵᠢ ᠲᠤᠳᠤᠷᠬᠠᠢ᠂ ᠲᠤᠷᠰᠢᠯᠭ᠎ᠠ ᠪᠠᠶᠠᠯᠢᠭ ᠪᠠᠶᠢᠵᠦ᠂ ᠮᠠᠯᠴᠢᠨ ᠲᠠᠷᠢᠶᠠᠴᠢᠳ ᠤᠨ ᠪᠤᠳᠠᠳᠠᠢ ᠬᠦᠴᠢᠷᠳᠡᠯ ᠢ ᠰᠶᠢᠳᠪᠦᠷᠢᠯᠡᠵᠦ᠂ ᠪᠦᠬᠦ ᠰᠡᠳᠬᠢᠯ ᠢᠶᠠᠷ ᠤᠯᠠᠨ ᠲᠦᠮᠡᠨ ᠤ ᠲᠦᠯᠦᠬᠡ ᠦᠢᠯᠡᠴᠢᠯᠡᠵᠦ ᠪᠠᠶᠢᠨ᠎ᠠ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃     2023 ᠤᠨ ᠳᠤ᠂ ᠬᠤᠯᠪᠤᠭ᠎ᠠ ᠪᠠᠯᠭᠠᠰᠦ ᠪᠦᠬᠦ ᠬᠡᠪᠴᠢᠶᠡᠨ ᠤ ᠭᠠᠵᠠᠷ ᠰᠢᠷᠦᠢ ᠶᠢ ᠶᠡᠷᠦᠩᠭᠡᠶᠢᠯᠡᠨ ᠵᠠᠰᠠᠬᠤ ᠲᠦᠷᠦᠯ ᠵᠦᠢᠯ ᠢ ᠬᠦᠯᠢᠶᠡᠨ ᠠᠪᠴᠦ᠂ ᠡᠨᠡᠬᠦ ᠢᠨᠵᠧᠨᠧᠷᠢᠩ ᠤᠨ ᠡᠬᠦᠷᠭᠡ ᠬᠦᠨᠳᠤ ᠪᠠᠶᠢᠳᠠᠭ᠃ ᠯᠤ᠋ ᠶᠦᠩ ᠽᠧ ᠦᠪᠡᠷ ᠤᠨ ᠪᠡᠶ᠎ᠡ ᠪᠠᠷ ᠢᠶᠠᠨ ᠤᠷᠤᠯᠴᠠᠵᠦ᠂ ᠪᠦᠬᠦ ᠪᠠᠯᠭᠠᠰᠦᠨ ᠳᠤ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠠᠮᠢ ᠠᠬᠤᠢ ᠶᠢᠨ ᠰᠢᠰᠲ᠋ᠧᠮ ᠢ ᠰᠠᠶᠢᠵᠢᠷᠠᠭᠤᠯᠵᠤ᠂ ᠬᠦᠮᠦᠨ ᠠᠷᠠᠳ ᠤᠨ ᠰᠠᠭᠤᠷᠢᠰᠢᠬᠤ ᠤᠷᠴᠢᠨ ᠲᠤᠭᠤᠷᠢᠨ ᠢ ᠲᠡᠭᠡᠭᠰᠢᠯᠡᠬᠦᠯᠬᠦ᠂ ᠠᠵᠦ ᠦᠢᠯᠡᠰ ᠤᠨ ᠠᠭᠤᠰᠤᠯᠴᠠᠯ ᠬᠦᠭᠵᠢᠯᠳᠡ ᠵᠡᠷᠭᠡ ᠢᠨᠵᠧᠨᠧᠷᠢᠩ ᠢ ᠬᠦᠨᠵᠡᠬᠡᠢ ᠠᠬᠢᠭᠤᠯᠵᠠᠢ᠃ ᠬᠤᠯᠪᠤᠭ᠎ᠠ ᠪᠠᠯᠭᠠᠰᠦ ᠠᠩᠬᠠᠳᠤᠭᠠᠷ ᠪᠦᠯᠦᠭ ᠬᠤᠳᠠ ᠪᠠᠯᠭᠠᠰᠦ ᠶᠢᠨ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠨᠡᠮᠡᠵᠦ ᠬᠠᠰᠤᠬᠤ ᠲᠦᠷᠦᠯ ᠵᠦᠢᠯ ᠢ 6 ᠭᠠᠴᠠᠭ᠎ᠠ ᠶᠢᠨ 20 ᠠᠶᠢᠯ ᠤᠨ 3014 ᠡᠷᠦᠬᠡ ᠶᠢ ᠪᠦᠷᠬᠦᠬᠦᠯᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ 95% ᠠᠴᠠ ᠲᠡᠭᠡᠭᠰᠢ ᠲᠤᠯᠵᠦ᠂ ᠪᠦᠬᠦ ᠪᠠᠯᠭᠠᠰᠦ ᠶᠢᠨ ᠲᠠᠷᠢᠶᠠᠯᠠᠩ ᠤᠨ ᠦᠢᠯᠡᠰ ᠤᠨ ᠤᠳᠤᠬᠢᠴᠢᠯᠠᠯᠳᠠ ᠳᠤ ᠪᠠᠳᠦ ᠴᠢᠩᠭ᠎ᠠ ᠰᠠᠭᠤᠷᠢ ᠶᠢ ᠲᠠᠯᠪᠢᠵᠠᠢ᠃      ᠯᠤ᠋ ᠶᠦᠩ ᠽᠧ ᠪᠤᠯᠤᠨ ᠬᠤᠯᠪᠤᠭ᠎ᠠ ᠪᠠᠯᠭᠠᠰᠦ ᠶᠢᠨ ᠪᠦᠬᠦ ᠨᠠᠮ ᠤᠨ ᠬᠡᠰᠢᠬᠦᠨ᠂ ᠲᠤᠰᠬᠤᠨ ᠤ ᠠᠷᠠᠳ ᠲᠠᠢ ᠬᠠᠮᠳᠤ ᠪᠠᠷ ᠴᠢᠷᠮᠠᠶᠢᠬᠰᠠᠨ ᠤ ᠳ᠋ᠦ᠋ᠩ ᠳᠤ᠂ ᠬᠤᠯᠪᠤᠭ᠎ᠠ ᠪᠠᠯᠭᠠᠰᠦ ᠶᠢᠨ ᠲᠠᠷᠢᠶᠠᠯᠠᠩ ᠦᠢᠯᠡᠳᠪᠦᠷᠢᠯᠡᠯ ᠤᠨ ᠶᠡᠷᠦᠩᠭᠡᠢ ᠦᠷᠳᠡᠭᠡ ᠪᠠ ᠮᠠᠯᠴᠢᠨ ᠲᠠᠷᠢᠶᠠᠴᠢᠳ ᠤᠨ ᠬᠦᠮᠦᠨ ᠪᠦᠷᠢ ᠶᠢᠨ ᠲᠡᠭᠰᠢᠳᠭᠡᠭᠰᠡᠨ ᠤᠷᠤᠯᠭ᠎ᠠ ᠨᠢ ᠢᠯᠡᠷᠬᠡᠢ ᠨᠡᠮᠡᠭᠳᠡᠵᠦ᠂ ᠨᠠᠮ ᠤᠨ ᠪᠠᠶᠢᠭᠤᠯᠤᠯᠳᠠ ᠪᠠᠷ ᠬᠦᠳᠡᠭᠡ ᠲᠤᠰᠬᠤᠨ ᠤ ᠬᠦᠭᠵᠢᠯᠳᠡ ᠶᠢ ᠬᠦᠳᠦᠯᠦᠨ ᠵᠢᠯᠤᠭᠤᠳᠤᠬᠰᠠᠨ ᠨᠡᠶᠢᠳᠡᠯᠢᠭ ᠵᠢᠱᠢᠶ᠎ᠠ ᠪᠤᠯᠤᠬᠰᠠᠨ ᠪᠠᠶᠢᠨ᠎ᠠ᠃                               · ᠯᠢ ᠰᠢᠤᠸᠠᠢ   ᠰᠦᠨ ᠫᠧᠩ ᠢᠤᠢ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号