ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠠᠵᠢᠯᠯᠠᠭ᠎ᠠ
ᠨᠡᠶᠢᠲᠡᠯᠡᠭᠰᠡᠨ ᠴᠠᠭ᠄
2024/7/23
       ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠬᠠᠮᠠᠭᠠᠯᠠᠯᠲᠠ ᠶᠢᠨ ᠲᠣᠤᠷ ᠢ ᠤᠯᠠᠮ ᠨᠢᠭᠡ ᠠᠯᠬᠤᠮ ᠨᠢᠭᠲᠠ ᠰᠦᠯᠵᠢᠵᠦ᠂ ᠪᠥᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠵᠤ᠂ ᠥᠷᠭᠡᠨ ᠣᠯᠠᠨ ᠲᠦᠮᠡᠨ ᠤ ᠮᠡᠬᠡᠯᠡᠯ ᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ 7 ᠰᠠᠷ᠎ᠠ ᠶᠢᠨ 18 ᠤ ᠡᠳᠦᠷ᠂ ᠵᠠᠯᠠᠶᠢᠳ ᠬᠤᠰᠢᠭᠤᠨ ᠤ ᠪᠣᠯᠭᠠᠨᠬᠤᠸᠠ ᠰᠤᠮᠤ᠂ ᠬᠤᠰᠢᠭᠤᠨ ᠤ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ︽ᠮᠡᠬᠡᠯᠡᠯ ᠤᠨ ᠰᠢᠨ᠎ᠡ ᠠᠷᠭ᠎ᠠ ᠶᠢ ᠰᠡᠷᠡᠮᠵᠢᠯᠡᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠶ᠎ᠡ︾ ᠭᠡᠬᠦ ᠭᠤᠤᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠲᠠᠳ ᠲᠤᠬᠠᠶ ᠶᠢᠨ ᠲᠠᠯᠠᠪᠠᠶ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠳᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠡᠲᠡᠭᠡᠳ ᠤᠨ ᠬᠡᠷᠡᠭᠯᠡᠵᠦ ᠳᠠᠳᠤᠭᠰᠠᠨ ᠠᠷᠭ᠎ᠠ ᠪᠠᠷᠢᠯ᠂ ᠬᠡᠷᠡᠭ ᠬᠢᠬᠦ ᠣᠨᠴᠠᠯᠢᠭ ᠢ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠥᠷᠭᠡᠨ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠥᠪᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ︽ᠬᠤᠶᠠᠷ ᠺᠠᠷᠲ︾ ᠤᠨ ᠮᠡᠬᠡᠯᠡᠯ ᠤᠨ ᠦᠷᠭᠦᠯᠵᠢ ᠲᠣᠬᠢᠶᠠᠯᠳᠤᠬᠤ ᠠᠷᠭ᠎ᠠ ᠵᠠᠮ ᠪᠠ ᠰᠢᠨ᠎ᠡ ᠬᠡᠯᠪᠡᠷᠢ ᠶᠢᠨ ᠠᠷᠭ᠎ᠠ ᠪᠠᠷᠢᠯ ᠢ ᠢᠯᠭᠠᠨ ᠲᠠᠨᠢᠬᠤ ᠶᠢ ᠰᠠᠨᠠᠭᠤᠯᠵᠤ᠂  ᠣᠯᠠᠨ ᠲᠦᠮᠡᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠲᠤᠬᠠᠶ ᠲᠠᠨᠢᠯᠲᠠ ᠶᠢ ᠨᠡᠮᠡᠭᠳᠡᠭᠦᠯᠪᠡ᠃
 
ᠢᠷᠡᠯᠲᠡ᠄ ᠪᠣᠯᠭᠠᠨᠬᠤᠸᠠ ᠰᠤᠮᠤ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号