ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠬᠠᠮᠲᠤ ᠶᠢᠨ ᠰᠤᠷᠤᠯᠴᠠᠯᠭ᠎ᠠ ᠬᠢᠵᠡᠢ
ᠨᠡᠶᠢᠲᠡᠯᠡᠭᠰᠡᠨ ᠴᠠᠭ᠄
2024/7/25
    7 ᠰᠠᠷ᠎ᠠ ᠶᠢᠨ 23 ᠤ ᠡᠳᠦᠷ᠂ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠳᠣᠯᠣᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ  ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ︵ᠬᠡᠰᠡᠭ︶ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ︵ᠬᠡᠰᠡᠭᠯᠡᠨ ᠰᠣᠩᠭᠤᠬᠤ︾ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠡᠪᠡᠳᠴᠢᠨ ᠢ ᠵᠠᠰᠠᠵᠤ ᠪᠡᠶ᠎ᠡ ᠮᠠᠬᠠᠪᠣᠳ ᠢᠶᠠᠨ ᠬᠦᠴᠦᠷᠬᠡᠭᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠡᠳᠬᠢᠯ  ᠵᠢᠷᠤᠬᠡᠨ ᠠᠴᠠ ᠪᠠᠨ ᠡᠮᠢᠶᠡᠬᠦ᠂ ᠦᠭᠡ ᠬᠡᠯᠡᠨ ᠳᠤ ᠪᠠᠨ ᠴᠡᠭᠡᠷ ᠲᠠᠢ᠂ ᠦᠢᠯᠡ ᠠᠵᠢᠯᠯᠠᠭ᠎ᠠ ᠳᠤ ᠪᠠᠨ ᠬᠢᠵᠠᠭᠠᠷᠯᠠᠯ ᠲᠠᠢ ᠪᠠᠶᠢᠬᠤ ᠬᠡᠷᠡᠭᠲᠡᠶ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠣᠨ ᠤ ᠴᠠᠭ ᠤᠨ ᠳᠠᠷᠠᠭᠠᠯᠠᠯ ᠤᠨ ᠠᠬᠢᠴᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠭᠦᠨᠵᠡᠭᠡᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠠᠬᠢᠯᠭ᠎ᠠ  ᠪᠠᠳᠣ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠ ᠭᠤᠣᠯ ᠠᠵᠢᠯ ᠢ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ︽ᠭᠤᠷᠪᠠᠨ ᠵᠦᠢᠯ ᠤᠨ ᠠᠵᠢᠯ︾ ᠢ ᠴᠡᠭᠴᠡᠯᠡᠨ ᠵᠠᠰᠠᠬᠤ ᠬᠡᠷᠡᠭᠲᠡᠢ ᠭᠡᠵᠡᠢ ᠴᠢᠬᠤᠯᠠᠴᠢᠯᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号