ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/25
    7 ᠰᠠᠷ᠎ᠠ ᠶᠢᠨ 23 ᠤ ᠡᠳᠦᠷ᠂ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠲᠠᠪᠢᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠡᠷᠬᠡᠪᠰᠢ ᠪᠡᠶ᠎ᠡ  ᠳᠡᠭᠡᠨ ᠢᠳᠡᠭᠡᠯ ᠲᠠᠢ ᠪᠡᠶ᠎ᠡ ᠪᠠᠨ ᠲᠠᠭᠠᠭᠠᠬᠤ ᠶᠢ ᠪᠠᠷᠢᠮᠳᠠᠯᠠᠬᠤ ᠬᠡᠷᠡᠭᠲᠡᠢ︾ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠠᠯᠠᠶᠢᠳ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠠᠪᠤᠨ ᠲᠠᠯ᠎ᠠ ᠶᠢᠨ ᠬᠡᠷᠡᠭᠵᠢᠭᠦᠯᠬᠦ ᠲᠥᠰᠦᠯ ᠪᠠ ᠲᠤᠯᠤᠭᠠᠨ ᠲᠠᠯ᠎ᠠ ᠶᠢᠨ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠡᠷᠬᠡᠪᠰᠢ ᠪᠡᠶ᠎ᠡ  ᠳᠡᠭᠡᠨ ᠢᠳᠡᠭᠡᠯ ᠲᠠᠢ ᠪᠡᠶ᠎ᠡ ᠪᠠᠨ ᠲᠠᠭᠠᠭᠠᠬᠤ ᠶᠢ ᠪᠠᠷᠢᠮᠳᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠤᠨ ᠪᠣᠳᠠᠲᠠᠢ ᠱᠠᠭᠠᠷᠳᠠᠯᠭ᠎ᠠ ᠪᠣᠯᠤᠨ ᠭᠤᠣᠯ ᠴᠢᠮᠥᠭᠡ ᠴᠢᠬᠤᠯᠠ ᠠᠭᠤᠯᠭ᠎ᠠ ᠶᠢ ᠪᠠᠲᠤ ᠡᠵᠡᠮᠳᠡᠵᠦ᠂ ᠠᠵᠠ ᠲᠣᠬᠢᠶᠠᠯ ᠢ ᠠᠮᠵᠢᠨ᠂ ᠳᠠᠪᠠᠭᠤᠯᠢᠭ ᠢᠶᠠᠨ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠴᠢᠩᠭ᠎ᠠ ᠠᠩᠬᠠᠷᠴᠤ᠂ ᠴᠠᠭ ᠤᠨ ᠳᠠᠷᠠᠭᠠᠯᠠᠯ ᠤᠨ ᠠᠬᠢᠴᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠲᠣᠭᠲᠠᠭᠰᠠᠨ ᠬᠠᠷᠠᠯᠲᠠ ᠡᠭᠦᠷᠭᠡ ᠪᠠᠨ ᠪᠦᠬᠦ ᠲᠠᠯ᠎ᠠ ᠪᠠᠷ ᠰᠠᠶᠢᠲᠤᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ ᠪᠣᠯᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠠᠶᠢᠲᠤᠷ ᠠᠳᠬᠤᠵᠤ᠂ ᠭᠤᠣᠯᠯᠠᠬᠤ ᠠᠵᠤ ᠦᠢᠯᠡᠰ ᠢ ᠬᠥᠭᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠤᠨ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃     ᠬᠤᠷᠠᠯ ᠠᠴᠠ᠂ ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠪᠠ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ᠎ᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠪᠤᠳᠤᠯ ᠢᠶᠠᠨ ᠳᠡᠭᠡᠭᠰᠢᠯᠡᠭᠦᠯᠵᠦ᠂ ᠵᠥᠷᠢᠶ᠎ᠡ ᠶᠢᠨ ᠬᠦᠷᠦᠯᠴᠡᠬᠦ ᠦᠭᠡᠢ ᠲᠠᠯ᠎ᠠ ᠪᠠᠨ ᠦᠨᠡᠨ ᠬᠦ ᠣᠨᠣᠪᠴᠢᠲᠠᠢ ᠡᠷᠢᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ︽ᠲᠠᠪᠤᠨ ᠶᠡᠭᠡ ᠡᠭᠦᠷᠭᠡ︾  ᠶᠢᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠠᠬᠢᠭᠤᠯᠬᠤ ᠶᠢ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠲᠠᠢ ᠤᠶᠠᠯᠳᠤᠭᠤᠯᠵᠤ᠂ ᠪᠦᠬᠦ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠣᠷᠣᠨ᠂ ᠠᠶᠢᠮᠠᠭ ᠤᠨ ᠱᠠᠭᠠᠷᠳᠠᠯᠭ᠎ᠠ ᠪᠣᠯᠣᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠶᠣᠰᠣᠭᠠᠷ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃     ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号