ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤᠨ ᠤ ᠨᠠᠮ ᠤᠨ ᠬᠤᠷᠢᠶ᠎ᠠ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/7/25
     7 ᠰᠠᠷ᠎ᠠ ᠶᠢᠨ 23 ᠤ ᠡᠳᠦᠷ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠨᠠᠮ ᠤᠨ ᠬᠤᠷᠢᠶᠠᠨ ᠤ ᠠᠵᠢᠯ ᠤᠨ ᠬᠤᠷᠠᠯ ᠵᠢᠴᠢ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾ ᠶᠢ ᠴᠠᠭ ᠲᠤᠬᠠᠢ ᠳᠤᠨᠢ ᠲᠥᠪᠯᠡᠷᠡᠭᠦᠯᠦᠨ ᠰᠤᠷᠤᠯᠴᠠᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠳ᠋ᠧ  ᠬᠤᠢ ᠡᠷᠬᠢᠯᠡᠪᠡ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠲᠤᠭ ᠢ ᠮᠠᠨᠳᠤᠭᠤᠯᠤᠨ ᠴᠢᠭᠯᠡᠯ ᠢ ᠲᠣᠭᠲᠠᠭᠠᠵᠤ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠥᠭᠡᠷᠡᠴᠢᠯᠡᠯᠲᠡ ᠶᠢ ᠣᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠲᠣᠭᠲᠠᠭᠠᠯ︾ ᠪᠣᠯ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠪᠠᠰᠠ ᠨᠢᠭᠡ ᠤᠳᠠᠭ᠎ᠠ ᠶᠢᠨ ᠶᠡᠷᠦᠩᠬᠡᠢ ᠲᠠᠶᠢᠴᠢᠯᠠᠯᠳᠠ᠂ ᠶᠡᠷᠦᠩᠬᠡᠢ ᠪᠠᠶᠢᠷᠢᠯᠠᠭᠤᠯᠤᠯᠲᠠ ᠪᠣᠯᠤᠨ᠎ᠠ᠃ ᠪᠦᠬᠦ ᠪᠠᠯᠭᠠᠰᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠪᠦᠬᠦᠳᠡ ᠬᠤᠷᠠᠯ ᠠᠴᠠ ᠦᠨᠳᠦᠰᠦᠨ ᠱᠠᠲᠤᠨ ᠤ ᠠᠵᠢᠯ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ᠂ ᠰᠢᠨ᠎ᠡ ᠡᠭᠦᠷᠭᠡ ᠶᠢ ᠢᠳᠡᠪᠬᠢᠲᠡᠢ ᠨᠠᠶᠢᠳᠠᠪᠤᠷᠢᠵᠢᠭᠤᠯᠬᠤ ᠬᠡᠷᠡᠭᠲᠡᠢ᠃    ᠬᠤᠷᠠᠯ ᠠᠴᠠ  ᠂ ᠨᠡᠩ ᠥᠨᠳᠥᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠬᠠᠯᠠᠭᠤᠨ ᠥᠷᠨᠢᠯᠲᠡ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ︽ᠲᠦᠷᠦᠭᠦᠯᠡᠨ ᠰᠤᠷᠤᠯᠴᠠᠵᠤ᠂ ᠰᠢᠰᠲ᠋ᠧᠮ ᠲᠠᠢ ᠰᠤᠷᠤᠯᠴᠠᠵᠤ᠂ ᠭᠦᠨᠵᠡᠭᠡᠢ ᠰᠤᠷᠤᠯᠴᠠᠬᠤ︾ ᠬᠡᠷᠡᠭᠲᠡᠢ︔ ᠨᠠᠮ ᠤᠨ ᠭᠡᠰᠢᠭᠦᠨ ᠺᠠᠳ᠋ᠷᠴᠤᠳ ︽ᠭᠤᠷᠪᠠᠨ ᠬᠤᠷᠠᠯ ᠨᠢᠭᠡ ᠬᠢᠴᠢᠶᠡᠯ︾᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠰᠤᠷᠤᠯᠴᠠᠨ ᠤᠬᠠᠭᠤᠯᠤᠨ ᠲᠠᠶᠢᠯᠪᠤᠷᠢᠯᠠᠬᠤ᠂ ᠬᠥᠮᠦᠵᠢᠭᠦᠯᠦᠨ ᠪᠣᠯᠪᠠᠰᠤᠷᠠᠭᠤᠯᠬᠤ ᠵᠡᠷᠭᠡ ᠬᠡᠯᠪᠡᠷᠢ ᠪᠠᠷ ᠬᠠᠮᠲᠤ ᠶᠢᠨ ᠰᠤᠷᠤᠯᠴᠠᠯᠭ᠎ᠠ ᠬᠢᠬᠦ ᠬᠡᠷᠡᠭᠲᠡᠢ︔ ᠥᠷᠭᠡᠨ ᠣᠯᠠᠨ ᠠᠷᠠᠳ ᠲᠦᠮᠡᠨ ᠪᠥᠬᠦ ᠲᠠᠯ᠎ᠠ ᠶᠢᠨ᠂ ᠣᠯᠠᠨ ᠲᠠᠯ᠎ᠠ ᠠᠴᠠ ᠤᠬᠠᠭᠤᠯᠬᠤ᠂ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ ᠢᠳᠡᠪᠬᠢᠲᠡᠶ ᠰᠤᠷᠤᠯᠴᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠡᠷᠦᠬᠡ ᠪᠦᠷᠢ᠂ ᠲᠠᠷᠢᠶᠠᠨ ᠭᠠᠵᠠᠷ ᠲᠤ ᠳᠠᠮᠵᠢᠭᠤᠯᠤᠨ ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠳᠡᠢ ᠭᠡᠵᠡᠢ᠃    ᠬᠤᠷᠠᠯ ᠠᠴᠠ  ᠪᠠᠰᠠ ᠨᠠᠮ ᠤᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠴᠢᠬᠤᠯᠠᠴᠢᠯᠠᠨ ᠪᠠᠶᠢᠷᠢᠯᠠᠭᠤᠯᠪᠠ᠃        
 
ᠢᠷᠡᠯᠲᠡ᠄ ᠲᠡᠮᠡᠭᠡᠴᠢ ᠪᠠᠯᠭᠠᠰᠤᠨ ᠤ ᠠᠷᠠᠳ ᠤᠨ ᠵᠠᠰᠠᠭ ᠶᠢᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号