ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/25
      7 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ 2024 ᠣᠨ ᠤ ᠬᠤᠷᠢᠨ ᠬᠤᠶᠠᠳᠤᠭᠠᠷ ᠬᠤᠷᠠᠯ ᠵᠢᠴᠢ ᠬᠤᠰᠢᠭᠤᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠯᠠᠶᠢᠳ ᠬᠤᠰᠢᠭᠤᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠠᠪᠤᠨ ᠲᠠᠯ᠎ᠠ ᠶᠢᠨ ᠬᠡᠷᠡᠭᠵᠢᠭᠦᠯᠬᠦ ᠲᠥᠰᠦᠯ ᠪᠠ ᠲᠤᠯᠤᠭᠠᠨ ᠲᠠᠯ᠎ᠠ ᠶᠢᠨ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠵᠢᠴᠢ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠡᠷᠭᠢᠯᠡᠪᠡ᠃     ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠬᠦ ᠠᠵᠢᠯ ᠢ ᠰᠠᠶᠢᠲᠤᠷ ᠬᠢᠵᠦ᠂ ᠶᠣᠰᠣ ᠲᠦᠷᠢᠮ ᠶᠣᠰᠣᠭᠠᠷ ᠠᠵᠢᠯᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠡᠢ᠃     ᠬᠤᠷᠠᠯ ᠠᠴᠠ᠂ ︽ᠲᠠᠪᠤᠨ ᠶᠡᠭᠡ ᠡᠭᠦᠷᠭᠡ︾ ᠶᠢ ᠡᠷᠬᠡᠪᠰᠢ ᠰᠠᠶᠢᠲᠤᠷ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠪᠦᠬᠦ ᠵᠢᠯ ᠤᠨ ᠬᠠᠷᠠᠯᠲᠠ ᠪᠠᠨ ᠲᠣᠭᠲᠠᠭᠠᠵᠤ᠂ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠢ ᠲᠠᠨᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠬᠡᠷᠡᠭᠲᠡᠢ᠃ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠬᠦᠯᠢᠶᠡᠨ ᠠᠪᠴᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ ᠪᠠᠶᠢᠭᠠᠳ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠠᠮᠲᠤᠪᠠᠷ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠣᠲᠣ ᠶᠢᠨ ᠪᠠᠶᠢᠭ᠎ᠠ ᠡᠬᠢ ᠪᠠᠶᠠᠯᠢᠭ ᠢ ᠠᠰᠢᠭᠯᠠᠨ᠂ ᠭᠠᠳᠠᠭᠰᠢ ᠭᠠᠷᠭᠠᠬᠤ ᠵᠠᠮ᠂ ᠪᠣᠯᠤᠮᠵᠢᠲᠤ ᠲᠥᠷᠥᠯ ᠵᠦᠢᠯ ᠵᠡᠷᠭᠡ ᠠᠵᠢᠯ ᠢ ᠵᠠᠳᠠᠯᠤᠨ ᠰᠤᠳᠤᠯᠵᠤ ᠮᠠᠭᠠᠳᠯᠠᠨ᠂ ᠪᠠᠯᠠ ᠳᠣᠭᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠰᠢᠨ᠎ᠡ ᠡᠨᠧᠷᠭᠢ ᠶᠢᠨ ᠲᠥᠷᠥᠯ ᠵᠦᠢᠯ ᠢ ᠰᠠᠶᠢᠲᠤᠷ ᠲᠥᠯᠥᠪᠵᠢᠭᠦᠯᠬᠦ ᠬᠡᠷᠡᠭᠲᠡᠶ᠃ ᠪᠣᠳᠠᠲᠠᠶ ᠲᠠᠢ ᠪᠠᠨ ᠤᠶᠠᠯᠳᠤᠭᠤᠯᠤᠨ᠂ ᠰᠢᠷ᠎ᠠ ᠪᠤᠷᠴᠠᠭ᠂ ᠤᠰᠤᠨ ᠲᠤᠲᠤᠷᠭ᠎ᠠ᠂ ᠡᠷᠳᠡᠨᠢ ᠰᠢᠰᠢ᠂ ᠮᠢᠬᠠᠨ ᠦᠬᠡᠷ᠂ ᠮᠢᠬᠠᠨ ᠬᠤᠨᠢ᠂ ᠰᠢᠨ᠎ᠡ ᠡᠨᠧᠷᠭᠢ᠂ ᠵᠢᠭᠤᠯᠴᠢᠯᠠᠯ᠂ ᠬᠢᠲᠠᠳ ᠡᠪᠡᠰᠦᠨ ᠡᠮ ᠵᠡᠷᠭᠡ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠥᠭᠵᠢᠯᠲᠡ ᠶᠢᠨ ᠳᠤᠲᠠᠭᠤᠳᠠᠯ ᠢᠶᠠᠨ ᠨᠥᠬᠦᠪᠥᠷᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠢᠯ ᠢ ᠰᠠᠶᠢᠲᠤᠷ ᠬᠢᠵᠦ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠶᠢ ᠴᠢᠩᠭᠠᠷᠠᠭᠤᠯᠤᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠢᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠡᠯ᠎ᠡ ᠵᠦᠢᠯ ᠤᠨ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃    ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ︽ᠵᠢᠱᠢᠶᠡᠴᠢ︾ ᠶᠢ ᠡᠯ᠎ᠡ ᠬᠦᠷᠢᠶ᠎ᠡ᠂ ᠡᠯ᠎ᠡ ᠲᠠᠯ᠎ᠠ ᠳᠤ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠤᠭᠴᠠᠯᠠᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号