ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/25
    7 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ 2024 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠪᠠ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠵᠥᠪᠯᠡᠯ ᠤᠨ ᠶᠢᠰᠦᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠡᠷᠬᠢᠯᠡᠭᠴᠢ ᠴᠢ ᠯᠢᠨ ᠬᠤᠷᠠᠯ ᠡᠷᠭᠢᠯᠡᠪᠡ᠃     ᠬᠤᠷᠠᠯ ᠠᠴᠠ᠂ ᠤᠢᠢᠷ᠎ᠠ ᠶᠢᠨ ᠵᠢᠯ ᠠᠴᠠ᠂ ᠵᠠᠯᠠᠶᠢᠳ ᠬᠤᠰᠢᠭᠤ ᠢᠮᠠᠭᠲᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢᠵᠢᠯ ᠤᠨ ᠵᠢᠯᠣᠭᠤᠳᠤᠮᠵᠢ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠤᠯᠪᠠ᠃     ᠬᠤᠷᠠᠯ ᠠᠴᠠ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠲᠥᠯᠥᠭᠡ ᠲᠥᠷᠥ ᠪᠠᠷᠢᠬᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠵᠠᠯᠠᠶᠢᠳ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠡᠯ᠎ᠡ ᠬᠦᠷᠢᠶᠡᠨ ᠳᠠᠬᠢ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠡᠷᠡᠭ ᠢ ᠵᠠᠳᠠᠯᠤᠨ ᠰᠤᠳᠤᠯᠵᠤ ᠮᠠᠭᠠᠳᠯᠠᠬᠤ ᠠᠵᠢᠯ ᠢ ᠰᠠᠶᠢᠲᠤᠷ ᠬᠢᠵᠦ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶ ᠪᠣᠯᠭᠠᠵᠤ᠂ ᠲᠦᠷᠢᠮ ᠤᠨ ᠳᠤᠲᠠᠭᠤᠳᠠᠯ ᠢ ᠨᠥᠬᠦᠪᠥᠷᠢᠯᠡᠵᠦ᠂ ᠠᠵᠢᠯ ᠤᠨ ᠬᠠᠮᠳᠤᠷᠠᠯ ᠤᠨ ᠬᠦᠴᠦᠨ ᠢ ᠪᠦᠷᠢᠯᠳᠦᠭᠦᠯᠵᠦ᠂ ᠬᠠᠤᠯᠢ ᠪᠠᠷ ᠵᠠᠰᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠲᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠲᠠᠯᠪᠢᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠦᠨᠡᠨᠴᠢ ᠢᠲᠡᠭᠡᠮᠵᠢ ᠶᠢᠨ ᠢᠨᠵᠧᠨᠧᠷᠢᠩ︾ ᠤᠨ ᠪᠠᠶᠢᠭᠤᠯᠤᠯᠲᠠ ᠶᠢ ᠠᠬᠢᠭᠤᠯᠵᠤ ᠂ ᠴᠢᠨᠠᠷ ᠰᠠᠶᠢᠲᠠᠶ ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠴᠢᠨᠠᠷ ᠰᠠᠶᠢᠲᠠᠶ ᠬᠤᠳᠠᠯᠳᠤᠭ᠎ᠠ ᠡᠷᠭᠢᠯᠡᠬᠦ ᠣᠷᠴᠢᠨ  ᠨᠦᠭᠦᠴᠡᠯ ᠢ ᠦᠢᠯᠡᠴᠢᠯᠡᠭᠡᠨ ᠤ ᠪᠠᠲᠤᠯᠠᠭ᠎ᠠ ᠶᠢᠨ ︽ᠲᠠᠪᠤᠨ ᠶᠡᠭᠡ ᠡᠭᠦᠷᠭᠡ︾ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠢᠶᠠᠷ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠢᠷᠢ ᠲᠡᠩᠴᠡᠭᠰᠡᠨ ︽ᠬᠠᠤᠯᠢ︾ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠵᠡᠢ᠃     ᠬᠤᠷᠠᠯ ᠠᠴᠠ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ 2023 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠠᠵᠢᠯ ᠤᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠠᠯᠪᠠᠨ ᠬᠡᠷ ᠤᠨ ᠠᠵᠢᠯ ᠤᠨ ᠨᠠᠷᠢᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ 2024 ᠣᠨ ᠤ ᠠᠵᠢᠯ ᠤᠨ ᠭᠤᠤᠯᠳᠠᠯᠭ᠎ᠠ︾ ᠶᠢ ᠰᠤᠳᠤᠯᠤᠨ ᠬᠢᠨᠠᠨ ᠵᠥᠪᠯᠡᠭᠰᠡᠨ ᠪᠥᠭᠡᠳ ᠬᠠᠮᠢᠶ᠎ᠠ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号