ᠵᠠᠯᠠᠶᠢᠳ ᠬᠤᠰᠢᠭᠤ ᠰᠢᠷ᠎ᠠ ᠪᠤᠷᠴᠠᠭ ᠤᠨ ᠠᠵᠦ ᠦᠢᠯᠡᠰ ᠤᠨ ᠬᠦᠭᠵᠢᠯᠳᠡ ᠶᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2024/7/3
     ᠤᠶᠢᠷ᠎ᠠ ᠶᠢᠨ ᠬᠡᠳᠦᠨ ᠵᠢᠯ᠂ ᠵᠠᠯᠠᠶᠢᠳ ᠬᠤᠰᠢᠭᠤ ᠤᠯᠤᠰ ᠤᠨ ᠲᠠᠷᠢᠶᠠᠯᠠᠩ ᠤᠨ ᠠᠵᠦ ᠦᠢᠯᠡᠰ ᠢ ᠬᠦᠴᠦᠷᠭᠡᠭᠵᠢᠬᠦᠯᠬᠦ ᠲᠦᠷᠦᠯ ᠵᠦᠢᠯ ᠤᠨ ᠪᠠᠶᠢᠭᠤᠯᠤᠯᠳᠠ ᠳᠤ ᠲᠦᠰᠢᠭᠯᠡᠨ᠂ ᠰᠢᠷ᠎ᠠ ᠪᠤᠷᠴᠠᠭ ᠤᠨ ᠠᠵᠦ ᠦᠢᠯᠡᠰ ᠤᠨ ᠠᠭᠤᠰᠤᠯᠴᠠᠯ ᠬᠦᠭᠵᠢᠯᠳᠡ ᠶᠢ ᠲᠦᠷᠭᠡᠳᠬᠡᠵᠦ᠂ ᠬᠦᠳᠡᠭᠡ ᠲᠤᠰᠬᠤᠨ ᠤ ᠠᠵᠦ ᠦᠢᠯᠡᠰ ᠤᠨ ᠰᠢᠨ᠎ᠠ ᠬᠦᠳᠡᠯᠭᠡᠭᠴᠢ ᠬᠦᠴᠦᠨ ᠢ ᠪᠤᠶᠢᠵᠢᠭᠤᠯᠵᠦ᠂ ᠰᠢᠷ᠎ᠠ ᠪᠤᠷᠴᠠᠭ ᠤᠨ ᠠᠵᠦ ᠦᠢᠯᠡᠰ ᠤᠨ ᠬᠦᠭᠵᠢᠯᠳᠡ ᠶᠢ ᠠᠬᠢᠭᠤᠯᠵᠦ ᠪᠠᠶᠢᠨ᠎ᠠ᠃      ᠰᠤᠷᠪᠤᠯᠵᠢᠯᠠᠬᠴᠢ ᠪᠠᠶᠠᠨᠵᠢᠯᠠᠭ᠎ᠠ ᠰᠢᠶᠠᠩ ᠤᠨ ᠵᠠᠯᠠᠶᠢᠳ ᠬᠤᠰᠢᠭᠤᠨ ᠤ ᠶᠢᠨ ᠪᠠᠢ ᠰᠦᠢ ᠠᠮᠤ ᠲᠤᠰᠤᠨ ᠤ ᠠᠷᠠᠯᠵᠢᠶ᠎ᠠ ᠶᠢᠨ ᠬᠢᠵᠠᠭᠠᠷᠳᠤ ᠺᠤᠮᠫᠠᠨᠢ ᠶᠢᠨ ᠰᠢᠷ᠎ᠠ ᠪᠤᠷᠴᠠᠭ ᠲᠠᠷᠢᠬᠤ ᠰᠠᠭᠤᠷᠢᠨ ᠭᠠᠵᠠᠷ ᠤᠨ ᠰᠢᠷ᠎ᠠ ᠪᠤᠷᠴᠠᠭ ᠤᠨ ᠤᠷᠭᠤᠯᠳᠠ ᠰᠠᠶᠢᠨ ᠪᠠᠶᠢᠬᠤ ᠶᠢ ᠤᠯᠵᠦ ᠬᠠᠷᠠᠯ᠎ᠠ᠃ ᠵᠠᠯᠠᠶᠢᠳ ᠬᠤᠰᠢᠭᠤᠨ ᠤ ᠶᠢᠨ ᠪᠠᠢ ᠰᠦᠢ ᠠᠮᠤ ᠲᠤᠰᠤᠨ ᠤ ᠠᠷᠠᠯᠵᠢᠶ᠎ᠠ ᠶᠢᠨ ᠬᠢᠵᠠᠭᠠᠷᠳᠤ ᠺᠤᠮᠫᠠᠨᠢ ᠨᠢ ᠪᠠᠶᠠᠨᠵᠢᠯᠠᠭ᠎ᠠ ᠰᠢᠶᠠᠩ ᠤᠨ ᠰᠢᠷ᠎ᠠ ᠪᠤᠷᠴᠠᠭ ᠤᠨ ᠠᠵᠦ ᠦᠢᠯᠡᠰ ᠢᠶᠠᠷ ᠪᠠᠯᠭᠠᠰᠦ ᠪᠠᠨ ᠬᠦᠴᠦᠷᠭᠡᠭᠵᠢᠬᠦᠯᠬᠦ ᠲᠦᠷᠦᠯ ᠵᠦᠢᠯ ᠪᠤᠯᠭᠠᠨ ᠬᠡᠷᠡᠭᠵᠢᠬᠦᠯᠬᠦ ᠭᠤᠤᠯ ᠴᠤᠬᠴᠠ ᠪᠤᠯᠤᠬᠰᠠᠨ ᠤ ᠬᠤᠪᠢ ᠳᠤ᠂ 2022 ᠤᠨ ᠠᠴᠠ ᠨᠠᠭᠠᠰᠢ᠂ ︽ᠲᠠᠭᠠᠭᠤᠯᠤᠬᠴᠢ ᠠᠵᠦ ᠠᠬᠤᠶᠢᠯᠠᠯ ᠢᠶᠠᠷ ᠬᠦᠳᠦᠯᠦᠨ ᠲᠠᠭᠠᠭᠤᠯᠬᠤ + ᠲᠠᠷᠢᠵᠦ ᠤᠷᠭᠤᠭᠤᠯᠬᠤ ᠰᠠᠭᠤᠷᠢᠨ ᠤ ᠵᠢᠱᠢᠶᠡᠴᠢ︾ ᠶᠢᠨ ᠬᠦᠭᠵᠢᠯᠳᠡ ᠶᠢᠨ ᠵᠠᠬᠪᠦᠷ ᠢ ᠪᠠᠷᠢᠮᠳᠠᠯᠠᠵᠦ᠂ ᠰᠢᠷ᠎ᠠ ᠪᠤᠷᠴᠠᠭ ᠤᠨ ᠠᠵᠦ ᠦᠢᠯᠡᠰ ᠤᠨ ᠬᠡᠯᠬᠢᠶ᠎ᠡ ᠶᠢ ᠲᠠᠰᠦᠷᠠᠯᠳᠠ ᠦᠬᠡᠢ ᠤᠷᠳᠤᠳᠬᠠᠵᠦ᠂ ᠰᠢᠷ᠎ᠠ ᠪᠤᠷᠴᠠᠭ ᠢ ᠲᠠᠷᠢᠬᠤ ᠠᠴᠠ ᠰᠢᠷ᠎ᠠ ᠪᠤᠷᠴᠠᠭ ᠢ ᠨᠠᠷᠢᠯᠢᠭ ᠡᠳ᠋ᠰᠢᠬᠦᠯᠦᠨ ᠪᠤᠯᠪᠠᠰᠦᠷᠠᠭᠤᠯᠬᠤ ᠬᠦᠷᠳᠡᠯ᠎ᠡ᠂ ᠰᠢᠷ᠎ᠠ ᠪᠤᠷᠴᠠᠭ ᠤᠨ ᠲᠠᠭᠠᠯᠳᠠ ᠦᠷᠳᠡᠭ ᠢ ᠨᠡᠮᠡᠭᠳᠡᠬᠦᠯᠦᠭᠰᠡᠨ ᠢᠶᠠᠷ ᠪᠠᠷᠠᠬᠤ ᠦᠬᠡᠢ ᠪᠠᠰᠠ ᠵᠢᠱᠢᠶᠡᠴᠢ ᠶᠢᠨ ᠨᠦᠯᠦᠬᠡ ᠶᠢ ᠪᠦᠷᠢᠯᠳᠦᠬᠦᠯᠵᠦ᠂ ᠵᠠᠯᠠᠶᠢᠳ ᠬᠤᠰᠢᠭᠤᠨ ᠤ ᠰᠢᠷ᠎ᠠ ᠪᠤᠷᠴᠠᠭ ᠤᠨ ᠠᠵᠦ ᠦᠢᠯᠡᠰ ᠤᠨ ᠬᠦᠭᠵᠢᠯᠳᠡ ᠶᠢ ᠲᠠᠶᠢᠴᠢᠯᠠᠵᠦ᠂ ᠲᠤᠬᠠᠢ ᠶᠢᠨ ᠭᠠᠵᠠᠷ ᠤᠨ ᠰᠢᠷ᠎ᠠ ᠪᠤᠷᠴᠠᠭ ᠤᠨ ᠰᠢᠨᠵᠢᠯᠡᠭᠡ ᠮᠡᠷᠬᠡᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠵᠦ᠂ ᠨᠡᠩ ᠤᠯᠠᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠪᠤᠯᠤᠨ᠎ᠠ᠃      ᠪᠠᠶᠠᠨᠵᠢᠯᠠᠭ᠎ᠠ ᠰᠢᠶᠠᠩ ᠤᠨ ᠰᠢᠷ᠎ᠠ ᠪᠤᠷᠴᠠᠭ ᠤᠨ ᠠᠵᠦ ᠦᠢᠯᠡᠰ ᠢᠶᠠᠷ ᠪᠠᠯᠭᠠᠰᠦ ᠪᠠᠨ ᠬᠦᠴᠦᠷᠭᠡᠭᠵᠢᠬᠦᠯᠬᠦ ᠲᠦᠷᠦᠯ ᠵᠦᠢᠯ ᠨᠢ ᠵᠠᠯᠠᠶᠢᠳ ᠬᠤᠰᠢᠭᠤᠨ ᠤ ᠲᠠᠪᠠᠭᠤᠯᠢᠭ ᠤᠨᠴᠠᠯᠢᠬᠳᠤ ᠠᠵᠦ ᠦᠢᠯᠡᠰ ᠤᠨ ᠬᠦᠭᠵᠢᠯᠳᠡ ᠶᠢ ᠠᠬᠢᠭᠤᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠬᠰᠠᠨ ᠤ ᠲᠦᠪᠯᠡᠷᠡᠭᠰᠡᠨ ᠢᠯᠡᠷᠡᠯ ᠪᠤᠯᠤᠨ᠎ᠠ᠃ 2022 ᠤᠨ ᠠᠴᠠ ᠨᠠᠭᠠᠰᠢ᠂ ᠵᠠᠯᠠᠶᠢᠳ ᠬᠤᠰᠢᠭᠤ ᠤᠯᠤᠰ ᠤᠨ ᠲᠠᠷᠢᠶᠠᠯᠠᠩ ᠤᠨ ᠦᠢᠯᠡᠰ ᠢᠶᠠᠷ ᠪᠠᠯᠭᠠᠰᠦ ᠪᠠᠨ ᠬᠦᠴᠦᠷᠭᠡᠭᠵᠢᠬᠦᠯᠬᠦ ᠲᠦᠷᠦᠯ ᠵᠦᠢᠯ ᠳᠤ ᠲᠦᠰᠢᠭᠯᠡᠨ᠂ 400 ᠮᠤ᠋ ᠦᠨᠳᠦᠷ ᠪᠠᠷᠢᠮᠵᠢᠶᠠᠵᠢᠬᠰᠠᠨ ᠰᠢᠷ᠎ᠠ ᠪᠤᠷᠴᠠᠭ ᠲᠠᠷᠢᠵᠦ ᠤᠷᠭᠤᠭᠤᠯᠬᠤ ᠵᠢᠱᠢᠶᠡᠴᠢ ᠪᠠ ᠲᠠᠷᠢᠶᠠᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠦ᠂ 10000 ᠲᠤᠨ ᠰᠢᠷ᠎ᠠ ᠪᠤᠷᠴᠠᠭ ᠢ ᠤᠬᠢᠶᠠᠨ ᠰᠤᠩᠭᠤᠬᠤ ᠦᠢᠯᠡᠳᠪᠦᠷᠢᠯᠡᠯ ᠤᠨ ᠱᠤᠭᠤᠮ ᠪᠠ 600 ᠲᠤᠨ ᠰᠢᠷ᠎ᠠ ᠪᠤᠷᠴᠠᠭ ᠤᠨ ᠲᠤᠰᠤ ᠦᠢᠯᠡᠳᠪᠦᠷᠢᠯᠡᠬᠦ ᠱᠤᠭᠤᠮ ᠵᠢᠴᠢ ᠪᠤᠰᠤᠳ ᠲᠠᠭᠠᠯᠳᠠ ᠲᠦᠬᠦᠭᠡᠷᠦᠮᠵᠢ ᠶᠢ ᠪᠠᠶᠢᠭᠤᠯᠵᠠᠢ᠃ 2023 ᠤᠨ ᠤ 6 ᠰᠠᠷ᠎ᠠ ᠳᠤ ᠠᠰᠢᠬᠯᠠᠯᠳᠠ ᠳᠤ ᠤᠷᠤᠭᠤᠯᠵᠦ᠂ ᠤᠳᠤ ᠨᠢᠬᠡᠨᠳᠡ ᠦᠢᠯᠡᠳᠬᠦᠨ ᠨᠢ ᠵᠠᠬ᠎ᠠ ᠲᠡᠯᠬᠡᠬᠦᠷ ᠲᠤ ᠭᠠᠷᠤᠬᠰᠠᠨ ᠪᠠᠶᠢᠨ᠎ᠠ᠃      ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠬᠦ ᠤᠬᠠᠭᠠᠨ ᠮᠡᠷᠬᠡᠵᠢᠯ ᠤᠨ ᠲᠤᠪᠴᠢᠶ᠎ᠠ ᠶᠢᠨ ᠬᠦᠳᠡᠭᠡ ᠲᠤᠰᠬᠤᠨ ᠤ ᠠᠵᠦ ᠦᠢᠯᠡᠰ ᠤᠨ ᠬᠦᠭᠵᠢᠯᠳᠡ ᠶᠢᠨ ᠲᠠᠰᠤᠭ ᠤᠨ ᠬᠠᠷᠢᠭᠤᠴᠠᠯᠭᠠᠳᠠᠨ ᠯᠢ ᠯᠢᠶᠠᠨ ᠵᠢᠶᠦ᠋ᠨ᠄ ︽ᠪᠢᠳᠡ ᠲᠠᠷᠠᠭᠠᠴᠢ ᠶᠢᠨ ᠠᠯᠬᠤᠮ ᠤᠨ ᠠᠵᠢᠯ ᠲᠤᠮᠳᠠ ᠪᠠᠨ ᠲᠠᠷᠢᠵᠦ ᠤᠷᠭᠤᠭᠤᠯᠬᠤ᠂ ᠦᠢᠯᠡᠳᠪᠦᠷᠢᠯᠡᠬᠦ᠂ ᠪᠤᠯᠪᠠᠰᠦᠷᠠᠭᠤᠯᠬᠤ᠂ ᠡᠵᠡᠩᠨᠡᠨ ᠪᠤᠷᠤᠯᠠᠭᠤᠯᠬᠤ ᠵᠢᠴᠢ ᠨᠡᠷᠡᠳᠤ ᠲᠡᠮᠳᠡᠭ ᠤᠨ ᠪᠠᠶᠢᠭᠤᠯᠤᠯᠳᠠ ᠪᠠᠷ ᠭᠤᠤᠯᠳᠠᠯᠭ᠎ᠠ ᠪᠤᠯᠭᠠᠵᠦ᠂ ᠠᠵᠦ ᠦᠢᠯᠡᠰ ᠤᠨ ᠬᠡᠯᠬᠢᠶ᠎ᠡ ᠶᠢ ᠤᠷᠳᠤᠳᠬᠠᠬᠤ᠂ ᠬᠠᠨᠭ᠍ᠭᠠᠯᠳᠠ ᠶᠢᠨ ᠬᠡᠯᠬᠢᠶ᠎ᠡ ᠶᠢ ᠪᠤᠢ ᠪᠤᠯᠭᠠᠬᠤ᠂ ᠦᠷᠳᠡᠭ ᠤᠨ ᠬᠡᠯᠬᠢᠶ᠎ᠡ ᠶᠢ ᠲᠡᠭᠡᠭᠰᠢᠯᠡᠬᠦᠯᠬᠦ᠂ ᠠᠰᠢᠭ ᠲᠤᠰᠠ ᠶᠢᠨ ᠬᠡᠯᠬᠢᠶ᠎ᠡ ᠶᠢ ᠲᠤᠭᠤᠰᠢᠯᠠᠭᠤᠯᠵᠦ᠂ ᠲᠠᠭᠠᠭᠤᠯᠤᠬᠴᠢ ᠠᠵᠦ ᠠᠬᠤᠶᠢᠯᠠᠯ ᠢ ᠬᠦᠭᠵᠢᠬᠦᠯᠦᠨ ᠪᠤᠵᠠᠭᠠᠶᠢᠷᠠᠭᠤᠯᠵᠦ᠂ ᠬᠠᠳᠠᠭᠠᠯᠠᠬᠤ᠂ ᠠᠷᠠᠯᠵᠢᠶᠠᠯᠠᠬᠤ᠂ ᠪᠤᠯᠪᠠᠰᠦᠷᠠᠭᠤᠯᠬᠤ ᠪᠠᠷ ᠭᠤᠤᠯ ᠪᠤᠯᠭᠠᠬᠰᠠᠨ ᠲᠠᠭᠠᠭᠤᠯᠤᠬᠴᠢ ᠠᠵᠦ ᠠᠬᠤᠶᠢᠯᠠᠯ ᠢ ᠭᠤᠤᠯᠳᠠᠯᠭ᠎ᠠ ᠲᠠᠢ ᠲᠡᠮᠵᠢᠵᠦ᠂ ᠮᠡᠷᠬᠡᠵᠢᠯ ᠤᠨ ᠦᠬᠡᠷᠡᠴᠢᠯᠡᠯᠳᠡ ᠶᠢ ᠲᠦᠷᠭᠡᠳᠬᠡᠬᠦ᠂ ᠲᠤᠨᠤᠭ ᠲᠦᠬᠦᠭᠡᠷᠦᠮᠵᠢ ᠶᠢ ᠲᠡᠰ ᠲᠡᠪᠰᠢᠬᠦᠯᠬᠦ᠂ ᠦᠢᠯᠡᠳᠬᠦᠨ ᠢ ᠨᠡᠬᠡᠬᠡᠬᠦ ᠪᠠ ᠵᠠᠬᠪᠦᠷ ᠤᠨ ᠰᠢᠨ᠎ᠠ ᠶᠢ ᠡᠬᠦᠳᠴᠦ᠂ ᠨᠠᠷᠢᠯᠢᠭ ᠡᠳ᠋ᠰᠢᠬᠦᠯᠦᠨ ᠪᠤᠯᠪᠠᠰᠦᠷᠠᠭᠤᠯᠬᠤ ᠶᠢ ᠲᠡᠰ ᠲᠡᠪᠰᠢᠬᠦᠯᠵᠦ ᠂ ᠦᠢᠯᠡᠳᠪᠦᠷᠢᠯᠡᠯ ᠤᠨ ᠴᠢᠳᠠᠪᠬᠢ ᠪᠠ ᠬᠡᠪᠴᠢᠶ᠎ᠡ ᠶᠢ ᠲᠠᠰᠦᠷᠠᠯᠳᠠ ᠦᠬᠡᠢ ᠲᠡᠭᠡᠭᠰᠢᠯᠡᠬᠦᠯᠵᠦ᠂ ᠦᠪᠡᠰᠦᠪᠡᠨ ᠰᠢᠨ᠎ᠠ ᠶᠢ ᠡᠬᠦᠳᠬᠦ ᠴᠢᠳᠠᠪᠦᠷᠢ ᠶᠢ ᠲᠡᠭᠡᠭᠰᠢᠯᠡᠬᠦᠯᠵᠦ᠂ ᠰᠢᠨ᠎ᠡ ᠦᠢᠯᠡᠳᠬᠦᠨ ᠢ ᠨᠡᠬᠡᠬᠡᠵᠦ᠂ ᠵᠠᠯᠠᠶᠢᠳ ᠬᠤᠰᠢᠭᠤᠨ ᠤ ᠨᠡᠷᠡᠳᠤ ᠲᠡᠮᠳᠡᠭ ᠢ ᠪᠤᠢ ᠪᠤᠯᠭᠠᠨ᠎ᠠ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃ ︵ᠰᠦᠨ ᠫᠧᠩ ᠢᠤᠢ ᠸᠠᠩ ᠲᠢᠶᠠᠨ ᠲᠢᠶᠠᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号