| ᠬᠤᠪᠣᠷ ᠲᠣᠬᠢᠶᠠᠯᠳᠤᠬᠤ ᠡᠪᠡᠳᠴᠢᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠠᠴᠠ ᠣᠶᠢᠯᠠᠭᠠᠭᠰᠠᠨ ᠢᠶᠠᠷ᠂ | ᠣᠲᠣᠬᠠᠨ ᠪᠣᠯᠲᠠᠯ᠎ᠠ᠂ ᠮᠠᠨ ᠤ ᠤᠯᠤᠰ ᠤᠨ ᠵᠡᠷᠡᠮᠳᠡᠭ ᠳᠦᠷᠦᠬᠦ ᠶᠢ ᠰᠡᠷᠭᠡᠶᠢᠯᠡᠨ ᠵᠠᠰᠠᠬᠤ ᠲᠤᠤᠷ ᠲᠠᠰᠤᠷᠠᠯᠲᠠ | ᠥᠬᠡᠶ ᠪᠦᠷᠢᠨᠰᠢᠵᠦ᠂ ᠪᠥᠬᠦ ᠤᠯᠤᠰ ᠤᠨ ᠤᠷᠤᠭᠯᠠᠬᠤ ᠠᠴᠠ ᠡᠮᠦᠨᠡᠬᠢ ᠪᠠᠶᠢᠴᠠᠭᠠᠬᠤ ᠪᠠᠶᠢᠭᠤᠯᠤᠮᠵᠢ᠂ | ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠬᠤ ᠪᠠᠶᠢᠭᠤᠯᠤᠮᠵᠢ 3000 ᠶᠢ ᠳᠠᠪᠠᠵᠤ᠂ ᠬᠥᠩᠭᠡᠵᠢᠬᠦ ᠠᠴᠠ ᠡᠮᠦᠨᠡᠬᠢ | ᠰᠢᠭᠰᠢᠨ ᠪᠠᠶᠢᠴᠠᠭᠠᠬᠤ ᠪᠠᠶᠢᠭᠤᠯᠤᠮᠵᠢ 4000 ᠶᠢ ᠳᠠᠪᠠᠵᠤ᠂ ᠬᠥᠩᠭᠡᠵᠢᠬᠦ ᠠᠴᠠ ᠡᠮᠦᠨᠡᠬᠢ ᠣᠨᠣᠰᠢᠯᠠᠯᠲᠠ ᠬᠢᠬᠦ | ᠪᠠᠶᠢᠭᠤᠯᠤᠮᠵᠢ 500 ᠶᠢ ᠳᠠᠪᠠᠵᠤ᠂ ᠨᠢᠯᠬ᠎ᠠ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠲᠥᠪ | 259 ᠪᠠᠶᠢᠵᠤ᠂ ᠪᠣᠶ ᠪᠥᠬᠦᠶ ᠲᠣᠭᠤᠷᠢᠭ ᠰᠢᠶᠠᠨ ᠳᠤ ᠴᠥᠮ ᠨᠢᠯᠬ᠎ᠠ ᠬᠡᠦᠬᠡᠳ ᠤᠨ ᠤᠳᠤᠮᠯᠠᠯ ᠤᠨ | ᠰᠣᠯᠢᠯᠴᠠᠭᠠᠨ ᠤ ᠡᠪᠡᠳᠴᠢᠨ ᠢ ᠰᠢᠭᠰᠢᠨ ᠪᠠᠶᠢᠴᠠᠭᠠᠵᠤ ᠴᠢᠰᠤ ᠠᠪᠬᠤ ᠪᠠᠶᠢᠭᠤᠯᠤᠮᠵᠢ ᠭᠠᠷᠭᠠᠭᠰᠠᠨ ᠪᠠᠶᠢᠨ᠎ᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠬᠡ ᠨᠢᠯᠬᠠᠰ ᠤᠨ ᠡᠷᠡᠭᠦᠯ ᠮᠡᠨᠳᠦ ᠶᠢᠨ | ᠵᠤᠷᠭᠠᠨ ᠤ ᠳᠡᠳ᠋ ᠳᠠᠷᠤᠭ᠎ᠠ ᠱᠧᠨ ᠬᠠᠶ ᠫᠢᠩ ᠬᠤᠷᠠᠯ ᠳᠡᠭᠡᠷ᠎ᠡ᠂ ︽ᠬᠤᠪᠣᠷ ᠲᠣᠬᠢᠶᠠᠯᠳᠤᠬᠤ ᠡᠪᠡᠳᠴᠢᠨ ᠤ | ᠣᠯᠠᠩᠬᠢ ᠨᠢ ᠲᠥᠷᠥᠯᠬᠢ ᠤᠳᠤᠮᠰᠢᠯ ᠤᠨ ᠡᠯᠧᠮᠧᠨ᠋ᠲ ᠠᠴᠠ ᠪᠣᠯᠵᠣ ᠡᠭᠦᠰᠳᠡᠭ ᠪᠥᠭᠡᠳ ᠵᠡᠷᠡᠮᠳᠡᠭ ᠲᠦᠷᠦᠭᠦ ᠲᠠᠢ | ᠨᠢᠭᠲᠠ ᠬᠠᠷᠢᠴᠠᠭ᠎ᠠ ᠲᠠᠢ ᠪᠠᠶᠢᠳᠠᠭ᠃ ᠣᠳᠣᠬᠠᠨ ᠳᠤ ᠨᠢᠭᠡᠨᠲᠡ ᠮᠡᠳᠡᠭᠰᠡᠨ ᠵᠡᠷᠡᠮᠳᠡᠭ ᠲᠦᠷᠦᠯᠳᠠ ᠨᠢ 8000 | ᠭᠠᠷᠤᠶ ᠵᠦᠢᠯ ᠪᠠᠶᠢᠵᠤ᠂ ᠡᠭᠦᠨ ᠤ ᠳᠣᠲᠣᠷᠠᠬᠢ ᠨᠡᠯᠢᠶᠡᠳ ᠬᠡᠰᠡᠭ ᠨᠢ ᠬᠤᠪᠣᠷ ᠲᠣᠬᠢᠶᠠᠯᠳᠤᠬᠤ ᠡᠪᠡᠳᠴᠢᠨ ᠪᠣᠯᠤᠨ᠎ᠠ | ᠃ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠨᠢ ᠬᠤᠪᠣᠷ ᠲᠣᠬᠢᠶᠠᠯᠳᠤᠬᠤ ᠡᠪᠡᠳᠴᠢᠨ ᠢ | ᠣᠨᠣᠰᠢᠯᠠᠨ ᠵᠠᠰᠠᠬᠤ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ︾ ᠭᠡᠵᠤ ᠢᠯᠡᠳᠭᠡᠪᠡ᠃ | ᠤᠢᠢᠷ᠎ᠠ ᠶᠢᠨ ᠵᠢᠯ ᠳᠤ᠂ ᠮᠠᠨ ᠤ ᠤᠯᠤᠰ ᠵᠡᠷᠡᠮᠳᠡᠭ ᠲᠦᠷᠦᠬᠦ ᠶᠢ ᠰᠡᠷᠭᠡᠶᠢᠯᠡᠨ ᠵᠠᠰᠠᠬᠤ ᠠᠵᠢᠯ ᠢ ︽︿ᠡᠷᠡᠭᠦᠯ | ᠡᠩᠭᠡ ᠳᠤᠮᠳᠠᠳᠤ ᠤᠯᠤᠰ 2030﹀ ᠲᠥᠯᠥᠪᠵᠢᠭᠦᠯᠭᠡ ᠶᠢᠨ ᠬᠥᠲᠥᠯᠪᠦᠷᠢ︾ ᠳᠤ ᠣᠷᠣᠭᠤᠯᠵᠤ᠂ ︽ᠪᠦᠬᠦ | ᠤᠯᠤᠰ ᠤᠨ ᠵᠡᠷᠡᠮᠳᠡᠭ ᠲᠦᠷᠦᠬᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠦᠯ︾᠂ ︽ᠵᠡᠷᠡᠮᠳᠡᠭ ᠲᠦᠷᠦᠬᠦ ᠶᠢ | ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ︵2023 — 2027 ᠣᠨ︶︾ ᠵᠡᠷᠭᠡ | ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠲᠦᠷᠦᠯ ᠤᠨ ᠡᠮᠴᠢᠯᠡᠭᠡᠨ ᠤ | ᠪᠠᠶᠢᠭᠤᠯᠤᠮᠵᠢ ᠶᠢ ᠵᠢᠯᠣᠭᠤᠳᠴᠤ ᠪᠠᠶᠢᠭᠠᠳ ᠤᠯᠠᠨ ᠲᠦᠮᠡᠨ ᠳᠤ ᠵᠡᠷᠡᠮᠳᠡᠭ ᠲᠦᠷᠦᠬᠦ ᠶᠢ ᠰᠡᠷᠭᠡᠶᠢᠯᠡᠨ ᠵᠠᠰᠠᠬᠤ ᠲᠥᠪ | ᠭᠤᠣᠯᠴᠢ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠠᠢ᠃ | ᠡᠭᠦᠨ ᠤ ᠵᠡᠷᠭᠡ ᠪᠠᠷ᠂ ᠭᠤᠷᠪᠠᠳᠤᠭᠠᠷ ᠳᠡᠰ ᠤᠨ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠶᠢ | ᠢᠳᠡᠪᠬᠢᠲᠡᠶ ᠠᠬᠢᠭᠤᠯᠵᠤ᠂ ᠨᠢᠭᠡᠳᠦᠭᠡᠷ ᠳᠡᠰ ᠤᠨ ᠤᠷᠢᠳᠴᠢᠯᠠᠨ ᠰᠡᠷᠭᠡᠶᠢᠯᠡᠯᠲᠡ ᠳᠤ ᠤᠷᠤᠭᠯᠠᠬᠤ ᠠᠴᠠ ᠡᠮᠦᠨᠡᠬᠢ᠂ | ᠵᠢᠷᠮᠦᠰᠦᠯᠡᠬᠦ ᠠᠴᠠ ᠡᠮᠦᠨᠡᠬᠢ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠡᠵᠡᠮᠳᠡᠵᠦ᠂ ᠣᠳᠣᠬᠠᠨ ᠳᠤ ᠪᠥᠬᠦ | ᠤᠯᠤᠰ ᠤᠨ 24 ᠮᠤᠵᠢ ᠣᠷᠣᠨ ᠳᠤ ᠰᠦᠢᠳᠭᠡᠯ ᠬᠤᠷᠢᠶᠠᠬᠤ ᠥᠬᠡᠶ ᠪᠠᠷ ᠣᠷᠤᠭ ᠤᠨ ᠪᠠᠶᠢᠴᠠᠭᠠᠯᠲᠠ ᠬᠢᠬᠦ ᠶᠢ | ᠬᠡᠷᠡᠭᠵᠢᠭᠦᠯᠵᠦ᠂ ᠪᠥᠬᠦ ᠤᠯᠤᠰ ᠤᠨ ᠣᠷᠤᠭ ᠤᠨ ᠪᠠᠶᠢᠴᠠᠭᠠᠯᠲᠠ ᠶᠢᠨ ᠨᠣᠷᠮ᠎ᠠ ᠶᠢ 76.5% ᠪᠣᠯᠲᠠᠯ᠎ᠠ | ᠳᠡᠭᠡᠭᠰᠢᠯᠡᠭᠦᠯᠵᠦ᠂ 23 ᠮᠤᠵᠢ ᠣᠷᠣᠨ ᠳᠤ ᠰᠦᠢᠳᠭᠡᠯ ᠬᠤᠷᠢᠶᠠᠬᠤ ᠥᠬᠡᠶ ᠪᠠᠷ ᠵᠢᠷᠮᠦᠰᠦᠯᠡᠬᠦ ᠠᠴᠠ ᠡᠮᠦᠨᠡᠬᠢ | ᠪᠠᠶᠢᠴᠠᠭᠠᠯᠲᠠ ᠬᠢᠬᠦ ᠶᠢ ᠪᠡᠶᠡᠯᠡᠭᠦᠯᠵᠦ᠂ ᠪᠥᠬᠦ ᠤᠯᠤᠰ ᠤᠨ ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠯᠲᠠ ᠶᠢᠨ | ᠨᠣᠷᠮ᠎ᠠ ᠶᠢ 96.9% ᠳᠤ ᠬᠦᠷᠭᠡᠪᠡ︔ ᠬᠤᠶᠠᠳᠤᠭᠠᠷ ᠳᠡᠰ ᠤᠨ ᠤᠷᠢᠳᠴᠢᠯᠠᠨ ᠰᠡᠷᠭᠡᠶᠢᠯᠡᠯᠲᠡ ᠳᠤ ᠵᠢᠷᠮᠦᠰᠦᠨ | ᠬᠤᠭᠤᠴᠠᠭᠠᠨ ᠤ ᠤᠷᠢᠳᠴᠢᠯᠠᠨ ᠰᠡᠷᠭᠡᠶᠢᠯᠡᠬᠦ ᠱᠤᠭᠤᠮ ᠢ ᠰᠠᠶᠢᠲᠤᠷ ᠠᠳᠬᠤᠵᠤ᠂ ᠬᠥᠩᠭᠡᠵᠢᠬᠦ ᠠᠴᠠ ᠡᠮᠦᠨᠡᠬᠢ | ᠰᠢᠭᠰᠢᠨ ᠪᠠᠶᠢᠴᠠᠭᠠᠯᠲᠠ᠂ ᠬᠥᠩᠭᠡᠵᠢᠬᠦ ᠠᠴᠠ ᠡᠮᠦᠨᠡᠬᠢ ᠣᠨᠣᠰᠢᠯᠠᠯᠲᠠ ᠪᠠ ᠬᠠᠮᠢᠶᠡᠷᠤᠯᠳᠠ ᠶᠢ ᠴᠢᠩᠭᠠᠳᠬᠠᠵᠤ᠂ ᠪᠦᠬᠦ | ᠤᠯᠤᠰ ᠤᠨ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠯᠲᠠ ᠶᠢᠨ ᠨᠤᠷᠮ᠎ᠠ ᠶᠢ 91.3% ᠪᠣᠯᠲᠠᠯ᠎ᠠ | ᠳᠡᠭᠡᠭᠰᠢᠯᠡᠭᠦᠯᠦᠨ᠎ᠡ︔ ᠭᠤᠷᠪᠠᠳᠤᠭᠠᠷ ᠳᠡᠰ ᠨᠢ ᠨᠢᠯᠬ᠎ᠠ ᠬᠡᠦᠬᠡᠳ ᠤᠨ ᠬᠤᠭᠤᠴᠠᠭᠠᠨ ᠤ ᠰᠡᠷᠭᠡᠶᠢᠯᠡᠯᠲᠡ ᠶᠢᠨ | ᠱᠤᠭᠤᠮ ᠢ ᠰᠠᠶᠢᠲᠤᠷ ᠠᠳᠬᠤᠵᠤ᠂ ᠪᠦᠬᠦ ᠤᠯᠤᠰ ᠤᠨ ᠨᠢᠯᠬ᠎ᠠ ᠬᠡᠦᠬᠡᠳ ᠤᠨ ᠤᠳᠤᠮᠯᠠᠯ ᠤᠨ ᠰᠣᠯᠢᠯᠴᠠᠭ᠎ᠠ ᠶᠢᠨ | ᠡᠪᠡᠳᠴᠢᠨ ᠪᠠ ᠰᠣᠨᠣᠷ ᠤᠨ ᠰᠠᠭᠠᠳ ᠤᠨ ᠰᠢᠭᠰᠢᠨ ᠪᠠᠶᠢᠴᠠᠭᠠᠬᠤ ᠨᠣᠷᠮ᠎ᠠ ᠶᠢ 98% ᠠᠴᠠ ᠳᠡᠭᠡᠭᠰᠢ ᠳᠤ | ᠬᠦᠷᠭᠡᠨ᠎ᠠ᠃ | ᠱᠧᠨ ᠬᠠᠢ ᠫᠢᠩ᠂ ᠢᠷᠡᠭᠡᠳᠦᠢ ᠳᠤ ᠵᠡᠷᠡᠮᠳᠡᠭ ᠳᠦᠷᠦᠬᠦ ᠶᠢ ᠰᠡᠷᠭᠡᠶᠢᠯᠡᠨ ᠵᠠᠰᠠᠬᠤ ᠬᠢᠷᠢ ᠲᠦᠪᠰᠢᠨ ᠢ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠪᠣᠷ ᠲᠣᠬᠢᠶᠠᠯᠳᠤᠬᠤ ᠡᠪᠡᠳᠴᠢᠨ ᠢ ᠣᠨᠣᠰᠢᠯᠠᠨ ᠵᠠᠰᠠᠬᠤ ᠬᠢᠷᠢ | ᠲᠦᠪᠰᠢᠨ ᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠤ ᠡᠷᠡᠭᠦᠯ ᠬᠡᠦᠬᠡᠳ ᠲᠦᠷᠦᠭᠦ ᠰᠠᠶᠢᠨ ᠰᠠᠶᠢᠬᠠᠨ ᠬᠦᠰᠡᠯ | ᠡᠷᠡᠮᠡᠯᠵᠡᠯ ᠢ ᠨᠡᠩ ᠰᠠᠶᠢᠨ ᠪᠠᠲᠤᠯᠠᠵᠤ᠂ ᠬᠤᠪᠣᠷ ᠲᠣᠬᠢᠶᠠᠯᠳᠤᠬᠤ ᠡᠪᠡᠳᠴᠢᠲᠡᠨ ᠤ ᠰᠢᠨ᠎ᠡ ᠬᠦᠰᠡᠯ ᠡᠷᠡᠮᠡᠯᠵᠡᠯ ᠢ | ᠬᠠᠩᠭᠠᠨ᠎ᠠ ᠭᠡᠵᠦ ᠬᠡᠯᠡᠪᠡ᠃ | ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠰᠦᠯᠵᠢᠶ᠎ᠠ︾ ᠠᠴᠠ︶ | |