2.6 ᠳ᠋ᠦᠩᠰᠢᠭᠤᠷ ᠲᠦᠬᠦᠷᠢᠭ ᠤᠨ ᠲᠦᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠦᠩᠬᠦ ᠶᠢ ᠤᠷᠢᠳᠴᠢᠯᠠᠨ ᠪᠠᠭᠤᠯᠭᠠᠪᠠ
ᠨᠡᠶᠢᠲᠡᠯᠡᠭᠰᠡᠨ ᠴᠠᠭ᠄
2024/7/31
    ᠰᠤᠷᠪᠤᠯᠵᠢᠯᠠᠭᠴᠢ 20 ᠤ ᠡᠳᠤᠷ ᠡᠳ᠋ ᠤᠨ ᠵᠠᠰᠠᠭ ᠤᠨ ᠶᠠᠮᠤᠨ ᠠᠴᠠ ᠤᠶᠢᠯᠠᠭᠠᠭᠰᠠᠨ ᠢᠶᠠᠷ᠂ ᠡᠳ᠋ ᠤᠨ ᠵᠠᠰᠠᠭ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠶᠠᠮᠤᠨ 19 ᠤ ᠡᠳᠤᠷ 2.6 ᠳ᠋ᠦᠩᠰᠢᠭᠤᠷ ᠲᠦᠬᠦᠷᠢᠭ ᠤᠨ ᠲᠦᠪ ᠤᠨ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠦᠩᠬᠦ ᠶᠢ ᠤᠷᠢᠳᠴᠢᠯᠠᠨ ᠪᠠᠭᠤᠯᠭᠠᠵᠤ᠂ ᠵᠢᠶᠠᠩᠰᠤ᠂ ᠱᠠᠨᠳᠦ᠋ᠩ᠂ ᠡᡁᠧᠨᠠᠨ᠂ ᠴᠦᠩᠴᠢᠩ᠂  ᠰᠧᠴᠤᠸᠠᠨ᠂ ᠱᠠᠨᠰᠢ ᠵᠡᠷᠭᠡ 6 ᠮᠤᠵᠢ ︵ᠬᠤᠳᠠ︶ ᠶᠢᠨ ᠪᠠᠴᠢᠮ ᠪᠠᠶᠢᠳᠠᠯ ᠢ ᠠᠷᠭᠠᠴᠠᠭᠠᠬᠤ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠤᠨ ᠢᠶᠠᠷ ᠢᠶᠠᠨ ᠰᠠᠶᠢᠳᠤᠷ ᠬᠢᠬᠦ ᠶᠢ ᠲᠡᠮᠵᠢᠵᠤ᠂ ᠭᠠᠮᠰᠢᠭᠳᠠᠭᠰᠠᠨ ᠬᠦᠮᠤᠰ ᠢ ᠡᠷᠢᠵᠤ ᠠᠪᠤᠷᠠᠬᠤ ᠰᠢᠯᠵᠢᠬᠦᠯᠤᠨ ᠲᠦᠪᠬᠢᠨᠡᠬᠦᠯᠬᠦ᠂ ᠠᠶᠤᠯ ᠲᠦᠭᠰᠢᠬᠦᠷᠢ ᠶᠢ ᠠᠷᠢᠯᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠨ ᠰᠶᠢᠳᠪᠤᠷᠢᠯᠡᠬᠦ᠂ ᠡᠬᠦᠰᠤᠮᠠᠯ ᠭᠠᠮᠰᠢᠭ ᠤᠨ ᠭᠡᠮ ᠰᠤᠭᠤᠭ ᠢ ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠴᠡᠭᠴᠡᠯᠡᠨ ᠵᠠᠰᠠᠬᠤ᠂ ᠨᠤᠷᠠᠵᠤ ᠰᠦᠢᠳᠥᠭᠰᠡᠨ ᠠᠷᠠᠳ ᠤᠨ ᠭᠡᠷ ᠪᠠᠶᠢᠰᠢᠩ ᠢ ᠵᠠᠰᠠᠨ ᠰᠡᠷᠬᠦᠭᠡᠬᠦ ᠵᠡᠷᠭᠡ ᠳᠤ ᠭᠤᠤᠯᠳᠠᠯᠭ᠎ᠠ ᠲᠠᠢ ᠬᠡᠷᠡᠭᠯᠡᠨ᠎ᠠ᠃     ᠡᠳ᠋ ᠤᠨ ᠵᠠᠰᠠᠭ ᠤᠨ ᠶᠠᠮᠤᠨ ᠠᠴᠠ ᠬᠤᠯᠪᠤᠭᠳᠠᠯ ᠪᠦᠬᠦᠢ ᠮᠤᠵᠢ ︵ᠬᠤᠳᠠ︶ ᠶᠢᠨ ᠡᠳ᠋ ᠤᠨ ᠵᠠᠰᠠᠭ ᠤᠨ ᠲᠢᠩᠬᠢᠮ ︵ᠲᠤᠪᠴᠢᠶ᠎ᠠ︶ ᠪᠠᠯᠠ ᠮᠦᠩᠬᠦ ᠶᠢ ᠭᠠᠮᠰᠢᠭᠳᠠᠭᠰᠠᠨ ᠤᠷᠤᠨ ᠳᠤ ᠱᠠᠯᠠᠪᠳᠠᠭᠤᠯᠤᠨ ᠰᠢᠯᠵᠢᠬᠦᠯᠤᠨ ᠦᠭᠴᠤ᠂ ᠭᠠᠮᠰᠢᠭᠳᠠᠭᠰᠠᠨ ᠤᠷᠤᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠡᠯᠡ ᠮᠦᠩᠬᠦ ᠶᠢᠨ ᠲᠤᠬᠢᠷᠠᠭᠤᠯᠤᠯᠳᠠ ᠪᠠ ᠪᠠᠯᠠ ᠮᠦᠩᠬᠦ ᠶᠢᠨ ᠬᠡᠷᠡᠭᠴᠡᠭᠡ ᠶᠢ ᠴᠠᠭ ᠲᠤᠬᠠᠢ ᠳᠤᠨᠢ ᠤᠶᠢᠯᠠᠭᠠᠨ ᠡᠵᠡᠮᠰᠢᠵᠤ᠂ ᠠᠷᠭ᠎ᠠ ᠬᠡᠮᠵᠢᠶ᠎ᠠ ᠠᠪᠴᠤ ᠪᠠᠶᠢᠭᠠᠳ ᠪᠦᠬᠦ ᠬᠦᠴᠤᠨ ᠢᠶᠠᠷ ᠢᠶᠠᠨ ᠪᠠᠳᠤᠯᠠᠬᠤ ᠬᠡᠷᠡᠭᠳᠠᠢ︔ ᠭᠠᠮᠰᠢᠭ ᠠᠴᠠ ᠠᠪᠤᠷᠠᠬᠤ ᠪᠡᠯᠡ ᠮᠦᠩᠬᠦ ᠶᠢᠨ ᠬᠢᠨᠠᠯᠳᠠ ᠬᠠᠮᠢᠶᠠᠷᠤᠯᠳᠠ ᠶᠢ ᠦᠨᠡᠨ ᠬᠦ ᠴᠢᠩᠭᠠᠳᠬᠠᠵᠤ᠂ ᠪᠡᠯᠡ ᠮᠦᠩᠬᠦ ᠶᠢ ᠰᠠᠭᠠᠳᠠᠭᠠᠬᠤ᠂ ᠰᠢᠬᠠᠨ ᠡᠵᠡᠯᠡᠬᠦ᠂ ᠨᠡᠬᠦᠯᠭᠡᠨ ᠬᠡᠷᠡᠭᠯᠡᠬᠦ ᠵᠡᠷᠭᠡ ᠲᠤᠭᠳᠠᠭᠠᠯ ᠠᠴᠠ ᠵᠦᠷᠢᠴᠡᠭᠰᠡᠨ ᠦᠢᠯᠠ ᠠᠵᠢᠯᠯᠠᠭ᠎ᠠ ᠶᠢ ᠡᠷᠡᠰ ᠬᠤᠷᠢᠭᠯᠠᠵᠤ᠂ ᠭᠠᠮᠰᠢᠭ ᠠᠴᠠ ᠠᠪᠤᠷᠠᠬᠤ ᠪᠡᠯᠡ ᠮᠦᠩᠬᠦ ᠶᠢ ᠪᠦᠬᠦᠨ ᠢ ᠭᠠᠮᠰᠢᠭᠳᠠᠭᠰᠠᠨ ᠤᠷᠤᠨ ᠪᠤᠯᠤᠨ ᠭᠠᠮᠰᠢᠭᠳᠠᠭᠰᠠᠨ ᠤᠯᠠᠨ ᠲᠦᠮᠡᠨ ᠳᠤ ᠬᠡᠷᠡᠭᠯᠡᠬᠦ ᠶᠢ ᠦᠨᠡᠨ ᠬᠦ ᠪᠠᠳᠤᠯᠠᠬᠤ ᠬᠡᠷᠡᠭᠳᠡᠢ ᠭᠡᠵᠤ ᠱᠠᠭᠠᠷᠳᠠᠪᠠ᠃    ︵︽ᠬᠦᠯᠥᠭ ᠰᠢᠯᠵᠢᠶ᠎ᠠ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号