ᠠᠷᠪᠡᠨᠭᠡᠷ ᠳᠤᠳᠤᠭᠠᠳᠦ ᠶᠢ ᠬᠠᠮᠠᠭᠠᠯᠠᠬᠤ ᠰᠠᠯᠪᠤᠷᠢ ᠦᠶᠠᠷ ᠢ ᠰᠡᠷᠭᠡᠶᠢᠯᠡᠬᠦ ᠤᠰᠤᠨ ᠳᠤ ᠴᠠᠴᠠᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/4
     ᠵᠤᠨ ᠤ ᠠᠮᠠᠷᠠᠯᠳᠠ ᠶᠢᠨ ᠬᠤᠭᠤᠴᠠᠭ᠎ᠠ ᠬᠦᠷᠴᠦ ᠢᠷᠡᠬᠦ ᠳᠠᠰᠢᠷᠠᠮ ᠢᠶᠠᠷ᠂ ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠠᠷᠪᠡᠨᠭᠡᠷ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠴᠠᠬᠳᠠᠭ᠎ᠠ ᠨᠠᠷ ᠬᠠᠷᠢᠶᠠᠳᠦ ᠤᠷᠤᠨ ᠤ ᠪᠠᠨ ᠰᠤᠷᠭᠠᠭᠤᠯᠢ ᠶᠢᠨ ᠬᠦᠷᠢᠶ᠎ᠠ ᠪᠠᠷ ᠬᠦᠨᠵᠡᠭᠡᠶᠢᠷᠡᠨ᠂ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠦᠶᠡᠷ ᠤᠰᠤᠳᠤᠯ ᠢ ᠰᠡᠷᠭᠡᠶᠢᠯᠡᠨ ᠠᠷᠭᠠᠴᠠᠭᠠᠬᠤ ᠵᠢᠴᠢ ᠰᠤᠷᠤᠬᠴᠢᠳ ᠤᠨ ᠤᠰᠤᠨ ᠳᠤ ᠴᠠᠴᠠᠬᠤ ᠶᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠪᠡ᠃      ᠠᠵᠢᠯᠯᠠᠭ᠎ᠠ ᠳᠤ᠂ ᠴᠠᠭᠳᠠᠭ᠎ᠠ ᠨᠠᠷ ᠰᠤᠷᠭᠠᠭᠤᠯᠢ ᠶᠢᠨ ᠬᠦᠷᠢᠶ᠎ᠠ ᠪᠠᠷ ᠭᠥᠷᠴᠥ ᠰᠤᠷᠤᠬᠴᠢᠳ ᠲᠤ ᠲᠠᠶᠢᠯᠤᠮᠵᠢ ᠬᠢᠬᠦ᠂ ᠰᠤᠷᠤᠬᠴᠢᠳ ᠤᠨ ᠠᠰᠠᠭᠤᠯᠲᠠ ᠳᠤ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠲᠤ ᠤᠰᠤᠨ ᠳᠤ ᠴᠠᠴᠠᠭᠰᠠᠨ ᠬᠡᠷᠡᠭ ᠤᠨ ᠡᠭᠦᠰᠦᠭᠰᠡᠨ ᠰᠢᠯᠲᠠᠭᠠᠨ ᠵᠢᠴᠢ ᠬᠤᠤᠷ ᠬᠥᠨᠥᠭᠡᠯᠲᠦ ᠴᠢᠨᠠᠷ ᠢ ᠲᠠᠨᠢᠯᠴᠠᠭᠤᠯᠤᠭᠰᠠᠨ ᠪᠥᠭᠡᠳ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠵᠠᠳᠠᠯᠵᠦ᠂ ᠰᠤᠷᠤᠬᠴᠢᠳ ᠲᠤ ᠤᠰᠤᠨ ᠳᠤ ᠴᠠᠴᠠᠬᠤ ᠶᠢ ᠤᠷᠢᠳᠴᠢᠯᠠᠨ ᠰᠡᠷᠭᠡᠶᠢᠯᠡᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠤᠭᠰᠠᠨ ᠪᠠᠶᠢᠨ᠎ᠠ᠃ ᠲᠤᠰ ᠤᠳᠡᠭᠠᠨ ᠤ ᠠᠵᠢᠯᠯᠠᠭ᠎ᠠ ᠳᠤ᠂ ᠰᠤᠷᠤᠭᠴᠢᠳ ᠢᠳᠡᠪᠬᠢᠲᠡᠶ ᠪᠠᠷ ᠬᠥᠳᠡᠯᠦᠯᠴᠡᠵᠦ᠂ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ ᠤᠰᠤᠨ ᠳᠤ ᠴᠠᠴᠠᠬᠤ ᠶᠢ ᠰᠡᠷᠭᠡᠶᠢᠯᠡᠬᠦ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠵᠤ᠂ ᠤᠰᠤᠨ ᠳᠤ ᠴᠠᠴᠠᠬᠤ ᠠᠴᠠ ᠰᠡᠷᠭᠡᠶᠢᠯᠡᠬᠦ ᠡᠮᠤᠷ ᠲᠦᠪᠰᠢᠨ ᠤ ᠲᠤᠬᠠᠶ ᠨᠠᠩ ᠲᠣᠳᠣᠷᠬᠠᠶ ᠲᠠᠨᠢᠯᠲᠠ ᠲᠠᠢ ᠪᠣᠯᠪᠠ᠃      ᠲᠠᠷᠠᠭᠠᠴᠢ ᠪᠠᠷ᠂ ᠠᠷᠪᠡᠨᠭᠡᠷ ᠳᠤᠳᠤᠭᠠᠳᠦ ᠶᠢ ᠬᠠᠮᠠᠭᠠᠯᠠᠬᠤ ᠰᠠᠯᠪᠤᠷᠢ ᠦᠷᠬᠦᠯᠵᠢᠯᠡᠨ ᠬᠠᠨᠳᠤᠯᠭᠠᠲᠤ ᠴᠢᠨᠠᠷᠲᠠᠶ ᠪᠠᠷ ᠲᠣᠭᠤᠷᠢᠨ ᠴᠠᠭᠳᠠᠵᠤ ᠰᠡᠷᠭᠡᠶᠢᠯᠡᠨ ᠬᠠᠮᠠᠭᠠᠯᠠᠬᠤ ᠠᠵᠢᠯ ᠢ ᠥᠷᠨᠢᠭᠦᠯᠵᠦ᠂ ᠤᠷᠢᠳᠴᠢᠯᠠᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠤᠰᠤᠨ ᠳᠤ ᠴᠠᠴᠠᠬᠤ ᠶᠢ ᠰᠡᠷᠭᠡᠶᠢᠯᠡᠬᠦ ︽ᠠᠮᠤᠷ ᠲᠦᠪᠰᠢᠨ ᠤ ᠲᠣᠤᠷ︾ ᠢ ᠨᠢᠭᠲᠠ ᠰᠦᠯᠵᠢᠵᠦ᠂ ᠠᠮᠢ ᠨᠠᠰᠤᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠱᠤᠭᠤᠮ︾ ᠢ ᠪᠠᠲᠤ ᠴᠣᠭᠴᠠᠯᠠᠨ᠎ᠠ᠃                  ︵ᠦᠢᠯᠡᠰ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号