ᠡᠮᠴᠢᠯᠡᠭᠡᠨ ᠤ ᠳᠠᠭᠠᠳᠬᠠᠯ ᠤᠨ ᠺᠣᠳ᠋ ᠲᠤ ᠬᠤᠶᠠᠷ ᠵᠥᠢᠯ ᠤᠨ ᠲᠤᠬᠠᠢ ᠶᠢᠨ ᠲᠠᠯᠠᠪᠠᠢ ᠶᠢᠨ ᠦᠢᠯᠡᠴᠢᠯᠡᠭᠡ ᠶᠢ ᠰᠢᠨ᠎ᠡ ᠪᠠᠷ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/7/4
     ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠣᠳᠣᠬᠠᠨ ᠳᠤ ᠪᠥᠬᠦ ᠤᠯᠤᠰ ᠲᠤ ᠡᠮᠴᠢᠯᠡᠭᠡᠨ ᠤ ᠳᠠᠭᠠᠳᠬᠠᠯ ᠤᠨ ᠺᠣᠳ᠋ ᠢ ᠬᠡᠷᠡᠭᠯᠡᠭᠴᠢ 11.5 ᠳ᠋ᠦᠩᠰᠢᠭᠤᠷ ᠢ ᠳᠠᠪᠠᠵᠤ᠂ ᠨᠢᠭᠡᠨᠲᠡ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠂ ᠡᠮᠴᠢᠯᠡᠭᠡᠨ ᠤ ᠳᠠᠭᠠᠳᠬᠠᠯ ᠢ ᠪᠠᠶᠢᠴᠠᠭᠠᠨ ᠯᠠᠪᠯᠠᠬᠤ᠂ ᠡᠮᠴᠢᠯᠡᠭᠡᠨ ᠤ ᠳᠠᠭᠠᠳᠬᠠᠯ ᠢ ᠰᠢᠯᠵᠢᠭᠦᠯᠦᠨ ᠦᠷᠭᠦᠯᠵᠢᠯᠡᠭᠦᠯᠬᠦ᠂ ᠮᠤᠵᠢ ᠠᠯᠤᠰᠯᠠᠨ ᠤᠨᠳᠤᠤ ᠭᠠᠵᠠᠷ ᠲᠤ ᠡᠪᠡᠳᠴᠢᠨ ᠦᠵᠡᠭᠦᠯᠬᠦ ᠶᠢ ᠳᠠᠩᠰᠠᠯᠠᠭᠤᠯᠬᠤ ᠵᠡᠷᠭᠡ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠤᠷᠴᠢᠨ ᠳᠤ ᠥᠷᠭᠡᠨ ᠢᠶᠠᠷ ᠬᠡᠷᠡᠭᠯᠡᠭᠳᠡᠵᠦ ᠪᠠᠶᠢᠨ᠎ᠠ᠃ ᠨᠠᠩ ᠣᠯᠠᠨ ᠳᠠᠭᠠᠳᠬᠠᠯ ᠳᠤ ᠣᠷᠣᠯᠴᠠᠭᠰᠠᠳ ᠢ ᠬᠠᠪᠰᠤᠷᠬᠤ ᠶᠢᠨ ᠲᠥᠯᠥᠭᠡ᠂ ᠬᠥᠮᠦᠨ ᠤ ᠵᠢᠰᠦ ᠶᠢ ᠢᠯᠭᠠᠨ ᠲᠠᠨᠢᠵᠤ ᠡᠮᠴᠢᠯᠡᠭᠡᠨ ᠤ ᠳᠠᠭᠠᠳᠬᠠᠯ ᠤᠨ ᠺᠣᠳ᠋ ᠢ ᠠᠮᠢᠯᠠᠭᠤᠯᠬᠤ ᠠᠴᠠ ᠭᠠᠳᠠᠨ᠎ᠠ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠡᠮᠴᠢᠯᠡᠭᠡᠨ ᠤ ᠳᠠᠭᠠᠳᠬᠠᠯ ᠤᠨ ᠺᠣᠳ᠋ ᠢ ᠲᠤᠬᠠᠢ ᠶᠢᠨ ᠲᠠᠯᠠᠪᠠᠢ ᠳᠤ ᠠᠮᠢᠯᠠᠭᠤᠯᠬᠤ᠂ ᠲᠥᠷᠥᠯ ᠰᠠᠳᠤᠨ ᠤ ᠲᠠᠩᠰᠠᠨ ᠡᠷᠦᠬᠡ ᠶᠢ ᠲᠤᠬᠠᠢ ᠶᠢᠨ ᠲᠠᠯᠠᠪᠠᠢ ᠳᠤ ᠬᠤᠯᠪᠣᠬᠤ ᠬᠤᠶᠠᠷ ᠵᠦᠢᠯ ᠤᠨ ᠦᠢᠯᠡᠴᠢᠯᠡᠭᠡ ᠶᠢ ᠨᠡᠮᠡᠭᠳᠡᠭᠦᠯᠪᠡ᠃      ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠲᠠᠨᠢᠯᠴᠠᠭᠤᠯᠤᠭᠰᠠᠨ ᠢᠶᠠᠷ᠂ ᠡᠮᠴᠢᠯᠡᠭᠡᠨ ᠤ ᠳᠠᠭᠠᠳᠬᠠᠯ ᠤᠨ ᠺᠣᠳ᠋ ᠤᠨ ᠲᠤᠬᠠᠢ ᠶᠢᠨ ᠲᠠᠯᠠᠪᠠᠢ ᠳᠤ ᠠᠮᠢᠯᠠᠭᠤᠯᠬᠤ ᠶᠢ ᠭᠤᠤᠯᠳᠠᠭᠤ ᠪᠣᠶ ᠪᠥᠬᠦᠶ ᠡᠮᠴᠢᠯᠡᠭᠡᠨ ᠤ ᠳᠠᠭᠠᠳᠬᠠᠯ ᠤᠨ ᠺᠣᠳ᠋ ᠳᠠᠩᠰᠠᠯᠠᠭᠤᠯᠬᠤ ᠬᠡᠷᠡᠭᠯᠡᠭᠴᠢ ᠳᠤ ᠬᠡᠷᠡᠭᠯᠡᠨ᠎ᠡ᠂ ᠢᠯᠠᠩᠭᠤᠶ᠎ᠠ ᠰᠢᠷᠬᠠᠲᠤᠭᠰᠠᠨ ᠬᠥᠮᠦᠰ᠂ ᠣᠶᠤᠨᠳᠤ ᠭᠠᠷ ᠤᠲᠠᠰᠤᠨ ᠤ ᠠᠵᠢᠯᠯᠠᠭ᠎ᠠ ᠶᠢ ᠰᠠᠶᠢᠨ ᠮᠡᠳᠡᠬᠦ ᠥᠬᠡᠶ ᠨᠠᠰᠤᠲᠠᠶᠢᠴᠤᠳ᠂ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠪᠠ ᠭᠠᠳᠠᠭᠠᠳᠤ ᠶᠢᠨ ᠬᠠᠷᠢᠶ᠎ᠠ ᠲᠠᠢ ᠫᠠᠰᠫᠣᠷᠲ ᠢᠶᠠᠷ ᠳᠠᠭᠠᠳᠬᠠᠯ ᠳᠤ ᠣᠷᠣᠯᠴᠠᠭᠰᠠᠨ ᠬᠥᠮᠦᠰ᠂ ᠰᠦᠯᠵᠢᠶᠡᠨ ᠳᠡᠭᠡᠷ᠎ᠡ ᠬᠥᠮᠦᠨ ᠤ ᠵᠢᠰᠦ ᠶᠢ ᠢᠯᠭᠠᠨ ᠲᠠᠨᠢᠬᠤ ᠶᠢᠨ ᠠᠷᠭ᠎ᠠ ᠥᠬᠡᠶ ᠪᠤᠰᠤᠳ ᠳᠠᠭᠠᠳᠬᠠᠯ ᠳᠤ ᠣᠷᠣᠯᠴᠠᠭᠰᠠᠳ ᠲᠤ ᠬᠡᠷᠡᠭᠯᠡᠨ᠎ᠡ︔ ᠲᠥᠷᠥᠯ ᠰᠠᠳᠤᠨ ᠤ ᠲᠠᠩᠰᠠᠨ ᠡᠷᠦᠬᠡ ᠢ ᠲᠤᠬᠠᠢ ᠶᠢᠨ ᠲᠠᠯᠠᠪᠠᠢ ᠳᠤ ᠬᠤᠯᠪᠣᠬᠤ ᠶᠢ ᠭᠤᠤᠯᠳᠠᠭᠤ ᠡᠯ᠎ᠡ ᠵᠦᠢᠯ ᠤᠨ ᠰᠢᠯᠲᠠᠭᠠᠨ ᠠᠴᠠ ᠪᠣᠯᠵᠣ ᠰᠦᠯᠵᠢᠶᠡᠨ ᠳᠡᠭᠡᠷ᠎ᠡ ᠥᠪᠡᠰᠦᠪᠡᠨ ᠬᠤᠯᠪᠣᠵᠤ ᠳᠡᠶᠢᠯᠬᠦ ᠥᠬᠡᠶ ᠳᠠᠭᠠᠳᠬᠠᠯ ᠳᠤ ᠣᠷᠣᠯᠴᠠᠭᠴᠢ ᠵᠢᠴᠢ ᠲᠡᠭᠦᠨ ᠤ ᠬᠡᠷ ᠤᠨ ᠬᠥᠮᠦᠰ ᠲᠤ ᠬᠡᠷᠡᠭᠯᠡᠨ᠎ᠡ᠃      ᠭᠦᠢᠴᠡᠳᠭᠡᠬᠦ ᠠᠷᠭ᠎ᠠ ᠬᠡᠯᠪᠡᠷᠢ ᠶᠢᠨ ᠲᠠᠯ᠎ᠠ ᠪᠠᠷ᠂ ᠡᠮᠴᠢᠯᠡᠭᠡᠨ ᠤ ᠳᠠᠭᠠᠳᠬᠠᠯ ᠤᠨ ᠺᠣᠳ᠋ ᠢ ᠲᠤᠬᠠᠢ ᠶᠢᠨ ᠲᠠᠯᠠᠪᠠᠢ ᠳᠤ ᠠᠮᠢᠯᠠᠭᠤᠯᠬᠤ ᠳᠤ ᠳᠠᠭᠠᠳᠬᠠᠯ ᠳᠤ ᠣᠷᠣᠯᠴᠠᠭᠴᠢ ᠥᠪᠡᠰᠤᠪᠡᠨ ᠡᠮᠴᠢᠯᠡᠭᠡᠨ ᠤ ᠳᠠᠭᠠᠳᠬᠠᠯ ᠤᠨ ᠲᠤᠬᠠᠢ ᠶᠢᠨ ᠲᠠᠯᠠᠪᠠᠢ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠳᠤ ᠬᠦᠷᠴᠦ᠂ ᠭᠠᠷᠲᠠᠨ ᠭᠦᠢᠴᠡᠳᠭᠡᠬᠦ ᠠᠵᠢᠯᠲᠠᠨ ᠳᠤ ᠡᠮᠴᠢᠯᠡᠭᠡᠨ ᠤ ᠳᠠᠭᠠᠳᠬᠠᠯ ᠤᠨ ᠺᠣᠳ᠋ ᠤᠨ ᠲᠤᠬᠠᠢ ᠶᠢᠨ ᠲᠠᠯᠠᠪᠠᠢ ᠶᠢᠨ ᠦᠢᠯᠡᠴᠢᠯᠡᠭᠡ ᠶᠢ ᠠᠮᠢᠯᠠᠭᠤᠯᠬᠤ ᠴᠢᠬᠤᠯᠠᠲᠠᠶ ᠪᠠᠶᠢᠬᠤ ᠶᠢ ᠮᠡᠳᠡᠭᠳᠡᠵᠦ᠂ ᠳᠠᠭᠠᠳᠬᠠᠯ ᠳᠤ ᠣᠷᠣᠯᠴᠠᠭᠴᠢ ᠳᠠᠭᠠᠳᠬᠠᠯ ᠳᠤ ᠣᠷᠣᠯᠴᠠᠭᠰᠠᠨ ᠭᠠᠵᠠᠷ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠱᠠᠭᠠᠷᠳᠠᠭᠰᠠᠨ ᠪᠡᠶ᠎ᠡ ᠶᠢᠨ ᠬᠢᠷᠢ ᠬᠡᠮ ᠤᠨ ᠮᠠᠲ᠋ᠧᠷᠢᠶᠠᠯ ᠢ ᠬᠠᠩᠭᠠᠵᠤ᠂ ᠭᠠᠷᠲᠠᠨ ᠭᠦᠢᠴᠡᠳᠭᠡᠬᠦ ᠠᠵᠢᠯᠲᠠᠨ ᠰᠢᠰᠲ᠋ᠧᠮ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠺᠣᠳ᠋ ᠢ ᠠᠮᠢᠯᠠᠭᠤᠯᠤᠭᠰᠠᠨ ᠤ ᠳᠠᠷᠠᠭ᠎ᠠ᠂ ᠳᠠᠭᠠᠳᠬᠠᠯ ᠳᠤ ᠣᠷᠣᠯᠴᠠᠭᠴᠢ ᠶᠢᠨ ᠭᠠᠷ ᠤᠲᠠᠰᠤᠨ ᠤ ᠣᠬᠤᠷ ᠴᠢᠮᠡᠭᠡ ᠪᠠᠷ ︽ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠰᠢᠯᠵᠢᠶ᠎ᠠ ᠶᠢᠨ ᠲᠠᠩᠰᠠᠨ ᠨᠣᠮᠧᠷ ᠪᠠ ᠠᠶᠠᠳᠠᠯ ᠨᠢᠭᠤᠴᠠ ᠨᠣᠮᠧᠷ ᠢ ᠭᠥᠯᠢᠶᠡᠨ ᠠᠪᠴᠤ᠂ ᠳᠠᠭᠠᠳᠬᠠᠯ ᠳᠤ ᠣᠷᠣᠯᠴᠠᠭᠴᠢ ︽ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠰᠢᠯᠵᠢᠶ᠎ᠠ ᠶᠢ ᠪᠠᠭᠤᠯᠭᠠᠨ ᠠᠪᠴᠤ ᠲᠠᠩᠰᠠᠯᠠᠭᠤᠯᠵᠤ ᠪᠤᠯᠤᠨ᠎ᠠ᠂ ᠢᠩᠭᠢᠪᠡᠯ ᠳᠠᠷᠤᠶ ᠬᠤᠪᠢ ᠬᠥᠮᠦᠨ ᠤ ᠡᠮᠴᠢᠯᠡᠭᠡ ᠶᠢᠨ ᠳᠠᠭᠠᠳᠬᠠᠯ ᠤᠨ ᠺᠤᠳ᠋ ᠢᠶᠠᠨ ᠠᠮᠢᠯᠠᠭᠤᠯᠵᠤ ᠪᠤᠯᠤᠨ᠎ᠠ᠃      ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ᠂ ᠳᠠᠭᠠᠳᠬᠠᠯ ᠳᠤ ᠣᠷᠣᠯᠴᠠᠭᠴᠢ ᠰᠢᠯᠵᠢᠶ᠎ᠠ ᠳᠡᠭᠡᠷ᠎ᠡ ᠭᠠᠷᠤᠭᠰᠠᠨ ᠤ ᠳᠠᠷᠠᠭ᠎ᠠ ᠳᠠᠷᠤᠶ ᠲᠦᠷᠭᠡᠨ ᠬᠤᠪᠢ ᠬᠥᠮᠦᠨ ᠤ ᠲᠣᠯᠣᠭᠠᠶ ᠶᠢᠨ ᠵᠢᠷᠤᠭ ᠢᠶᠠᠨ ᠳᠠᠷᠤᠵᠤ᠂ ︽ᠲᠠᠩᠰᠠᠨ ᠨᠣᠮᠧᠷ ᠨᠢᠭᠤᠴᠠ ᠨᠣᠮᠧᠷ︾ ᠤᠨ ᠪᠤᠯᠤᠩ ᠳᠤ ᠣᠷᠣᠵᠤ᠂ ᠠᠶᠠᠳᠠᠯ ᠨᠢᠭᠤᠴᠠ ᠨᠣᠮᠧᠷ ᠢᠶᠠᠨ ᠵᠠᠰᠠᠵᠤ᠂ ᠲᠠᠩᠰᠠᠯᠠᠬᠤ ᠦᠶ᠎ᠡ ᠳᠤ ᠨᠢᠭᠤᠴᠠ ᠨᠣᠮᠧᠷ ᠢᠶᠠᠨ ᠮᠠᠷᠲᠠᠬᠰᠡᠨ ᠪᠠᠶᠢᠳᠠᠯ ᠭᠠᠷᠬᠤ ᠠᠴᠠ ᠵᠠᠶᠢᠯᠠᠰᠭᠢᠬᠦ ᠬᠡᠷᠡᠭᠲᠡᠶ ᠭᠡᠵᠤ ᠰᠠᠨᠠᠭᠤᠯᠪᠠ᠃      ᠲᠥᠷᠥᠯ ᠰᠠᠳᠤᠨ ᠤ ᠲᠠᠩᠰᠠᠨ ᠡᠷᠦᠬᠡ ᠶᠢ ᠲᠤᠬᠠᠢ ᠶᠢᠨ ᠲᠠᠯᠠᠪᠠᠢ ᠳᠤ ᠬᠤᠯᠪᠣᠬᠤ ᠳᠤ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠢ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠤᠬᠠᠢ ᠶᠢᠨ ᠲᠠᠯᠠᠪᠠᠢ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠳᠤ ᠣᠴᠢᠭᠤᠯᠵᠤ᠂ ᠭᠠᠷᠲᠠᠨ ᠭᠦᠢᠴᠡᠳᠭᠡᠭᠴᠢ ᠳᠤ ᠡᠮᠴᠢᠯᠡᠭᠡᠨ ᠤ ᠳᠠᠭᠠᠳᠬᠠᠯ ᠤᠨ ᠲᠥᠷᠥᠯ ᠰᠠᠳᠤᠨ ᠤ ᠲᠠᠩᠰᠠᠨ ᠡᠷᠦᠬᠡ ᠶᠢ ᠲᠤᠬᠠᠢ ᠶᠢᠨ ᠲᠠᠯᠠᠪᠠᠢ ᠳᠤ ᠬᠤᠯᠪᠣᠬᠤ ᠦᠢᠯᠡᠴᠢᠯᠡᠭᠡ ᠬᠢᠯᠭᠡᠬᠦ ᠴᠢᠬᠤᠯᠠᠲᠠᠶ ᠭᠡᠵᠦ ᠮᠡᠳᠡᠭᠳᠡᠬᠦ ᠶᠢᠨ ᠵᠡᠷᠭᠡ ᠪᠠᠷ᠂ ᠳᠠᠭᠠᠳᠬᠠᠯ ᠳᠤ ᠣᠷᠣᠯᠴᠠᠭᠰᠠᠨ ᠭᠠᠵᠠᠷ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠪᠡᠶ᠎ᠡ ᠶᠢᠨ ᠬᠢᠷᠢ ᠬᠡᠮ ᠤᠨ ᠮᠠᠲ᠋ᠧᠷᠢᠶᠠᠯ ᠬᠠᠩᠭᠠᠵᠤ᠂ ᠭᠠᠷᠲᠠᠨ ᠭᠦᠢᠴᠡᠳᠭᠡᠭᠴᠢ ᠠᠴᠠ ᠰᠢᠰᠲ᠋ᠧᠮ ᠢᠶᠠᠷ ᠳᠠᠮᠵᠢᠭᠤᠯᠤᠨ ᠲᠥᠷᠥᠯ ᠰᠠᠳᠤᠨ ᠤ ᠲᠠᠩᠰᠠᠨ ᠡᠷᠦᠬᠡ ᠶᠢᠨ ᠬᠠᠷᠢᠴᠠᠭ᠎ᠠ ᠶᠢ ᠣᠷᠣᠯᠠᠨ ᠬᠤᠯᠪᠣᠭᠰᠠᠨ ᠤ ᠳᠠᠷᠠᠭ᠎ᠠ᠂ ︽ᠤᠯᠤᠰ ᠤᠨ ᠡᠮ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠰᠢᠯᠵᠢᠶ᠎ᠠ ᠳᠤ ᠲᠠᠩᠰᠠᠯᠠᠭᠤᠯᠵᠤ᠂ ︽ᠲᠥᠷᠥᠯ ᠰᠠᠳᠤᠨ ᠤ ᠲᠠᠩᠰᠠᠨ ᠡᠷᠦᠬᠡ︾ ᠶᠢᠨ ᠬᠠᠭᠤᠳᠠᠰᠤᠨ ᠳᠤ ᠨᠢᠭᠡᠨᠲᠡ ᠠᠮᠵᠢᠯᠲᠠ ᠲᠠᠢ ᠪᠠᠷ ᠨᠡᠮᠡᠭᠰᠡᠨ ᠬᠡᠷ ᠪᠦᠯᠢ ᠶᠢᠨ ᠪᠦᠷᠢᠯᠳᠦᠬᠦᠨ ᠢ ᠪᠠᠶᠢᠴᠠᠭᠠᠨ ᠦᠵᠡᠵᠦ ᠪᠣᠯᠤᠨ᠎ᠠ᠃      ᠣᠶᠢᠯᠠᠭᠠᠭᠰᠠᠨ ᠢᠶᠠᠷ᠂ ᠡᠮᠴᠢᠯᠡᠭᠡᠨ ᠤ ᠳᠠᠭᠠᠳᠬᠠᠯ ᠤᠨ ᠺᠣᠳ᠋ ᠢ ᠠᠰᠢᠬᠯᠠᠯᠳᠠ ᠳᠤ ᠤᠷᠤᠭᠤᠯᠤᠬᠰᠡᠨ ᠤ ᠳᠠᠷᠠᠭ᠎ᠠ᠂ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠡᠮᠴᠢᠯᠡᠭᠡᠨ ᠤ ᠳᠠᠭᠠᠳᠬᠠᠯ ᠤᠨ ᠺᠣᠳ᠋ ᠤᠨ ᠬᠡᠷᠡᠭᠯᠡᠭᠡᠨ ᠤ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠦᠨ ᠳᠥᠭᠦᠮᠴᠢᠯᠡᠵᠦ᠂ ᠡᠮᠴᠢᠯᠡᠭᠡᠨ ᠤ ᠳᠠᠭᠠᠳᠬᠠᠯ ᠤᠨ ᠺᠣᠳ᠋ ᠤᠨ ᠲᠣᠮᠣ ᠥᠰᠥᠭ ᠤᠨ ᠬᠡᠪᠯᠡᠯ ᠵᠡᠷᠭᠡ ᠦᠢᠯᠡᠴᠢᠯᠡᠭᠡ ᠶᠢ ᠤᠷᠢᠳ ᠬᠤᠵᠢᠳ ᠭᠠᠷᠭᠠᠭᠰᠠᠨ ᠪᠥᠭᠡᠳ ᠬᠡᠰᠡᠭ ᠭᠠᠵᠠᠷ ᠣᠷᠣᠨ ᠳᠤ ᠡᠮᠴᠢᠯᠡᠭᠡᠨ ᠤ ᠳᠠᠭᠠᠳᠬᠠᠯ ᠤᠨ ᠺᠣᠳ᠋ ᠢᠶᠠᠷ ᠡᠪᠡᠳᠴᠢᠨ ᠦᠵᠡᠭᠦᠯᠬᠦ ᠳᠤ ︽ᠨᠢᠭᠡ ᠺᠣᠳ᠋ ᠢᠶᠠᠷ ᠲᠣᠭᠠᠴᠠᠭ᠎ᠠ ᠬᠢᠬᠦ︾ ᠶᠢ ᠤᠷᠢᠳ ᠢᠶᠠᠷ ᠪᠡᠶᠡᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠺᠣᠳ᠋ ᠢ ᠬᠡᠷᠡᠭᠯᠡᠬᠦ ᠪᠡᠶᠡᠴᠢ ᠣᠶᠢᠯᠠᠭᠠᠯᠲᠠ ᠶᠢ ᠦᠷᠭᠦᠯᠵᠢᠯᠡᠨ ᠳᠡᠭᠡᠭᠰᠢᠯᠡᠭᠦᠯᠪᠡ᠃      ︵︽ᠲᠤᠮᠳᠡᠳᠥ ᠤᠯᠤᠰ ᠤᠨ ᠮᠤᠩᠭᠤᠯ ᠬᠡᠯᠡᠠ ᠤ ᠰᠤᠨᠢᠨ ᠮᠠᠳᠡᠭᠡ ᠶᠢᠨ ᠰᠥᠯᠵᠢᠶ᠎ᠠ︾ ᠠᠴᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号