ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠪᠦᠯᠬᠦᠮ ᠳᠠᠭᠠᠭᠤᠯᠤᠨ ᠠᠷᠠᠯᠵᠢᠶᠠᠴᠢᠨ ᠤᠷᠢᠵᠤ  ᠪᠡᠯᠡ ᠮᠦᠩᠬᠦ ᠤᠷᠤᠭᠤᠯᠤᠨ ᠠᠪᠴᠢᠷᠠᠬᠤ ᠲᠥᠷᠥᠯ ᠵᠦᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/8/1
  7 ᠰᠠᠷ᠎ᠠ ᠶᠢᠨ 30 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠪᠦᠯᠬᠦᠮ ᠳᠠᠭᠠᠭᠤᠯᠤᠨ ᠬᠠᠷᠠᠮᠦ᠋ᠷᠡᠨ ᠮᠤᠵᠢ ᠶᠢᠨ ᠯᠦᠩ ᠵᠢᠶᠠᠩ ᠶᠤᠸᠠᠨ ᠱᠧᠩ ᠪᠣᠯᠤᠨ ᠦᠬᠡᠷ ᠤᠨ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠷ ᠬᠦᠷᠴᠦ᠂ ᠳᠡᠭᠡᠳᠦ ᠲᠡᠰ ᠤᠨ ᠮᠢᠬᠠᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠵᠤ ᠪᠡᠯᠡ  ᠮᠦᠩᠬᠦ ᠣᠷᠣᠭᠤᠯᠤᠨ ᠠᠪᠴᠢᠷᠠᠬᠤ ᠲᠦᠷᠦᠯ ᠵᠦᠢᠯ ᠢ ᠰᠢᠨᠵᠢᠯᠡᠨ ᠪᠠᠶᠢᠴᠠᠭᠠᠪᠠ᠃   ᠯᠦᠩ ᠵᠢᠶᠠᠩ ᠶᠤᠸᠠᠨ ᠱᠧᠩ ᠾᠧ ᠦᠬᠡᠷ ᠤᠨ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠮᠠᠯ ᠠᠵᠤ ᠠᠬᠤᠶ ᠶᠢᠨ ᠰᠠᠶᠢᠨ ᠡᠭᠦᠯᠳᠡᠷ ᠢ ᠰᠠᠶᠢᠵᠢᠷᠠᠭᠤᠯᠬᠤ᠂ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠵᠤ᠂ ᠲᠡᠵᠢᠭᠡᠯ ᠪᠣᠷᠳᠤᠭ᠎ᠠ ᠬᠠᠩᠭᠠᠬᠤ᠂ ᠠᠯᠠᠵᠤ ᠨᠢᠲᠤᠯᠵᠤ ᠡᠳ᠋ᠰᠢᠭᠦᠯᠬᠦ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ ᠤᠨ ᠪᠣᠷᠣᠯᠠᠭᠤᠯᠤᠯᠲᠠ᠂ ᠪᠣᠷᠣᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠤᠯᠤᠰ ᠤᠨ ᠲᠠᠰ ᠤᠨ ᠲᠠᠷᠢᠶᠠᠯᠠᠩ ᠤᠨ ᠠᠵᠤ ᠦᠶᠯᠡᠰᠵᠢᠭᠰᠡᠨ  ᠲᠠᠭᠠᠭᠤᠯᠤᠭᠴᠢ ᠠᠵᠤ ᠠᠬᠤᠶᠢᠯᠠᠯ ᠪᠣᠯᠤᠨ᠎ᠠ᠃  ᠴᠢ ᠯᠢᠨ ᠤᠷᠢᠳ ᠬᠤᠵᠢᠳ ᠴᠢᠴᠢᠬᠠᠷ ᠤᠨ ᠬᠤᠤ ᠡᠾᠧ ᠪᠣᠯᠤᠨ ᠮᠠᠯ ᠠᠵᠤ ᠠᠬᠤᠶ᠂ ᠯᠦᠩ ᠵᠢᠶᠠᠩ ᠶᠤᠸᠠᠨ ᠱᠧᠩ ᠢᠳᠡᠭᠡᠨ ᠤ ᠬᠢᠵᠠᠭᠠᠷᠲᠤ ᠺᠣᠮᠫᠠᠨᠢ᠂ ᠯᠦᠩ ᠵᠢᠶᠠᠩ ᠣᠳᠣᠬᠢᠴᠢᠯᠠᠭᠰᠠᠨ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠲᠠᠯᠠᠪᠠᠶ ᠪᠣᠯᠤᠨ ᠦᠬᠡᠷ ᠲᠡᠵᠢᠭᠡᠨ ᠦᠷᠡᠵᠢᠭᠦᠯᠬᠦ ᠡᠷᠦᠬᠡ ᠪᠠᠷ ᠲᠣᠭᠤᠷᠢᠨ ᠦᠵᠡᠵᠦ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠭᠤᠭᠴᠤᠭ᠎ᠠ᠂ ᠲᠡᠵᠢᠭᠡᠨ ᠦᠷᠡᠵᠢᠭᠦᠯᠬᠦ ᠪᠥᠬᠦ ᠶᠠᠪᠤᠴᠠ᠂ ᠠᠰᠢᠭ ᠲᠤᠰᠠ ᠶᠢᠨ ᠬᠤᠯᠪᠣᠭ᠎ᠠ᠂ ᠦᠬᠡᠷ ᠤᠨ ᠠᠵᠤ ᠦᠢᠯᠡᠰ ᠤᠨ ᠬᠠᠮᠲᠤᠷᠠᠯᠴᠠᠭ᠎ᠠ ᠶᠢ ᠠᠬᠢᠭᠤᠯᠬᠤ ᠵᠠᠭᠪᠤᠷ ᠪᠣᠯᠤᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠳᠡᠭᠡᠳᠦ ᠲᠠᠰ ᠤᠨ ᠮᠢᠬᠠᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠬᠥᠭᠵᠢᠭᠦᠯᠬᠦ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠭᠦᠨᠵᠡᠭᠡᠶ ᠵᠥᠪᠳᠡᠯᠴᠡᠵᠦ᠂ ᠠᠩᠬ᠎ᠠ ᠠᠯᠬᠤᠮ ᠬᠠᠮᠲᠤ ᠶᠢᠨ ᠲᠠᠨᠢᠯᠲᠠ ᠲᠠᠢ ᠪᠣᠯᠵᠣ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠠᠮᠲᠤ ᠪᠠᠷ ᠠᠬᠢᠭᠤᠯᠵᠤ᠂ ᠬᠠᠷᠢᠯᠴᠠᠨ ᠬᠠᠷᠠᠭᠠᠯᠵᠠᠵᠤ ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠪᠡ᠃ ᠠᠵᠤ ᠠᠬᠤᠶᠢᠯᠠᠯ ᠤᠨ ᠬᠢᠨ ᠣᠶᠢᠷ᠎ᠠ ᠶᠢᠨ ᠬᠤᠭᠤᠴᠠᠭᠠᠨ ᠳᠤ᠂ ᠵᠠᠯᠠᠶᠢᠳ ᠬᠤᠰᠢᠭᠤᠨ ᠳᠤ ᠬᠦᠷᠴᠦ ᠤᠯᠠᠮ ᠨᠢᠭᠡ ᠠᠯᠬᠤᠮ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠥᠷᠥᠯ ᠵᠦᠢᠯ ᠤᠨ ᠬᠠᠮᠲᠤᠷᠠᠯᠴᠠᠭᠠᠨ ᠤ ᠬᠤᠯᠪᠣᠭᠳᠠᠯ ᠪᠥᠬᠦᠶ ᠪᠣᠳᠠᠲᠠᠶ ᠤᠴᠢᠷ ᠶᠠᠪᠤᠳᠠᠯ ᠢ ᠭᠦᠨᠵᠡᠭᠡᠶ ᠵᠥᠪᠳᠡᠯᠴᠡᠨ᠎ᠡ ᠭᠡᠵᠤ ᠢᠯᠡᠷᠬᠡᠶᠢᠯᠡᠵᠠᠢ᠃  ᠵᠠᠯᠠᠶᠢᠳ ᠬᠤᠰᠢᠭᠤᠨ ᠤ ᠤᠳᠤᠷᠢᠳᠤᠯᠭ᠎ᠠ ᠭᠤᠤ ᠹᠧᠩ ᠡᠤ᠂ ᠮᠠᠨ ᠱᠦᠢ ᠯᠦᠩ ᠨᠠᠷ ᠰᠢᠨᠵᠢᠯᠡᠨ ᠪᠠᠶᠢᠴᠠᠭᠠᠵᠤ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ᠃    
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号