ᠦᠬᠡᠷ ᠤᠨ ᠠᠵᠤ ᠦᠢᠯᠡᠰ ᠢ ᠰᠠᠶᠢᠳᠦᠷ ᠬᠦᠭᠵᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2024/8/15
     ᠵᠠᠯᠠᠶᠢᠳ ᠬᠤᠰᠢᠭᠤ ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠶᠢᠨ ᠲᠦᠷᠤᠯ ᠵᠦᠢᠯ ᠳᠤ ᠲᠦᠰᠢᠭᠯᠡᠨ᠂ ᠮᠢᠬᠠᠨ ᠦᠬᠡᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠳᠤ ᠬᠦᠴᠤᠯᠡᠵᠤ᠂ ᠬᠦᠳᠡᠭᠡ ᠲᠤᠰᠬᠤᠨ ᠤ ᠨᠡᠶᠢᠳᠠ ᠶᠢᠨ ᠠᠵᠤ ᠠᠬᠤᠢ ᠶᠢ ᠨᠡᠮᠡᠭᠳᠡᠬᠦᠯᠥᠭᠰᠡᠨ ᠤ ᠬᠠᠮᠳᠤ ᠤᠯᠠᠨ ᠲᠦᠮᠡᠨ ᠤ ᠠᠵᠤ ᠦᠢᠯᠡᠰ ᠤᠨ ᠬᠦᠭᠵᠢᠯᠳᠠ ᠶᠢᠨ ᠦᠷ᠎ᠠ ᠪᠦᠳᠤᠮᠵᠢ ᠶᠢ ᠬᠠᠮᠳᠤ ᠳᠤᠨᠢ ᠡᠳ᠋ᠯᠡᠬᠦᠯᠵᠤ ᠪᠤᠢ᠃     ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠬᠤᠳᠠᠳᠠᠢ ᠭᠠᠴᠠᠭᠠᠨ ᠤ 2 ᠲᠦᠮᠡᠨ ᠮᠢᠬᠠᠨ ᠦᠬᠡᠷ ᠤᠨ ᠶᠡᠷᠤᠩᠬᠡᠶᠢᠯᠡᠭᠰᠡᠨ ᠲᠡᠵᠢᠭᠡᠨ ᠦᠷᠡᠵᠢᠬᠦᠯᠬᠦ ᠲᠠᠯᠠᠪᠠᠢ ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠶᠢᠨ ᠪᠡᠯᠡ ᠮᠦᠩᠬᠦ ᠤᠷᠤᠭᠤᠯᠤᠭᠰᠠᠨ ᠳᠤ ᠲᠦᠰᠢᠭᠯᠡᠨ  ᠮᠢᠬᠠᠨ ᠦᠬᠡᠷ ᠤᠨ ᠠᠵᠤ ᠦᠢᠯᠡᠰ ᠤᠨ ᠬᠦᠭᠵᠢᠯᠳᠠ ᠪᠠ ᠲᠡᠰ ᠲᠡᠪᠰᠢᠬᠦᠯᠬᠦ ᠳᠤ ᠬᠦᠴᠤᠯᠡᠵᠤ᠂ ᠲᠤᠰ ᠭᠠᠴᠠᠭᠠᠨ ᠤ ᠲᠤᠰᠬᠤᠨ ᠤ ᠠᠷᠠᠳ ᠤᠨ ᠤᠷᠤᠯᠭ᠎ᠠ ᠶᠢ ᠨᠡᠮᠡᠭᠳᠡᠬᠦᠯᠵᠤ ᠴᠢᠳᠠᠯ᠎ᠠ᠃ ︽ᠲᠤᠰ ᠲᠠᠯᠠᠪᠠᠢ ᠪᠠᠶᠢᠭᠤᠯᠤᠭᠳᠠᠬᠤ ᠦᠶ᠎ᠠ ᠳᠤ ᠪᠢ ᠡ᠊ᠨᠳᠠ ᠠᠵᠢᠯᠯᠠᠬᠤ ᠪᠠᠷ ᠢᠷᠡᠪᠡ᠂ ᠰᠠᠷ᠎ᠠ ᠪᠦᠷᠢ 4500 ᠲᠦᠬᠦᠷᠢᠭ ᠤᠯᠵᠤ᠂ ᠢᠳᠡᠵᠤ ᠬᠤᠨᠤᠬᠤ ᠨᠦᠬᠦᠴᠠᠯ ᠰᠠᠶᠢᠨ ᠮᠦᠷᠳᠡᠬᠡᠨ ᠰᠦᠢᠳᠭᠡᠯ ᠬᠤᠷᠢᠶᠠᠬᠤ ᠦᠭᠡᠢ᠂ ᠪᠢ ᠭᠡᠷ ᠲᠡᠭᠡᠨ ᠪᠠᠰᠠ ᠲᠠᠷᠢᠶ᠎ᠠ ᠲᠠᠷᠢᠳᠠᠭ ᠠᠴᠠ ᠬᠤᠤᠰ ᠤᠷᠤᠯᠭ᠎ᠠ ᠤᠯᠵᠤ ᠪᠤᠢ︾ ᠭᠡᠵᠤ ᠲᠤᠰᠬᠤᠨ ᠤ ᠠᠷᠠᠳ ᠾᠧ ᠪᠠᠮᠪᠠᠷ ᠶᠠᠷᠢᠨ᠎ᠠ᠃      ᠬᠦᠷᠡᠯ ᠪᠠᠯᠭᠠᠰᠤᠨ ᠤ ᠬᠤᠳᠠᠳᠠᠢ ᠭᠠᠴᠠᠭᠠᠨ ᠤ 2 ᠲᠦᠮᠡᠨ ᠮᠢᠬᠠᠨ ᠦᠬᠡᠷ ᠲᠡᠵᠢᠭᠡᠨ ᠦᠷᠡᠵᠢᠬᠦᠯᠬᠦ ᠲᠠᠯᠠᠪᠠᠢ ᠳᠤ ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠶᠢᠨ ᠲᠦᠷᠤᠯ ᠵᠦᠢᠯ ᠠᠴᠠ 4140 ᠲᠦᠮᠡᠨ ᠲᠦᠬᠦᠷᠢᠭ ᠤᠨ ᠪᠡᠯᠡ ᠮᠦᠩᠬᠦ ᠤᠷᠤᠭᠤᠯᠵᠤ᠂ 18 ᠲᠡᠵᠢᠭᠡᠨ ᠦᠷᠡᠵᠢᠬᠦᠯᠬᠦ ᠫᠧᠩ ᠪᠠᠶᠢᠭᠤᠯᠤᠨ᠂ 2023 ᠤᠨ ᠤ ᠰᠡᠬᠦᠯᠴᠢ ᠪᠠᠷ ᠪᠠᠷᠢᠯᠭ᠎ᠠ ᠪᠠᠨ ᠲᠠᠭᠤᠰᠬᠠᠨ᠂ ᠤᠳᠤᠬᠠᠨ ᠳᠤ ᠠᠰᠢᠭᠯᠠᠯᠳᠠ ᠳᠤ ᠤᠷᠤᠪᠠ᠃ ᠡᠬᠦᠨ ᠠᠴᠠ ᠭᠠᠳᠠᠨ᠎ᠠ᠂ ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠶᠢᠨ ᠲᠦᠷᠤᠯ ᠵᠦᠢᠯ ᠨᠢ ᠵᠢᠯ ᠪᠦᠷᠢ ᠠᠰᠢᠭ ᠤᠷᠤᠯᠭ᠎ᠠ ᠶᠢᠨ 5% ᠶᠢᠨ ᠪᠠᠷᠢᠮᠵᠢᠶ᠎ᠠ ᠪᠠᠷ 207 ᠲᠦᠮᠡᠨ ᠲᠦᠬᠦᠷᠢᠭ ᠬᠤᠷᠢᠶᠠᠵᠤ᠂ ᠬᠦᠷᠡᠯ ᠪᠠᠯᠭᠠᠰᠤᠨ ᠤ 10 ᠭᠠᠴᠠᠭᠠᠨ ᠤ ᠨᠡᠶᠢᠳᠠ ᠶᠢᠨ ᠠᠵᠤ ᠠᠬᠤᠢ ᠶᠢ ᠬᠦᠴᠤᠷᠬᠡᠭᠵᠢᠬᠦᠯᠤᠨ᠂ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ᠂ ᠵᠢᠵᠢᠭ ᠬᠡᠯᠪᠡᠷᠢ ᠶᠢᠨ ᠨᠡᠶᠢᠳᠠ ᠶᠢᠨ ᠠᠰᠠᠷᠠᠮᠵᠢ ᠶᠢᠨ ᠴᠢᠨᠠᠷᠳᠠᠢ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ᠂ ᠨᠡᠶᠢᠳᠠ ᠶᠢᠨ ᠠᠰᠠᠷᠠᠮᠵᠢ ᠶᠢᠨ ᠠᠵᠢᠯ ᠤᠨ ᠪᠠᠶᠢᠷᠢ ᠬᠠᠩᠭᠠᠬᠤ ᠵᠡᠷᠭᠡ ᠳᠤ ᠬᠡᠷᠡᠭᠯᠡᠬᠦ ᠪᠤᠯᠤᠨ᠎ᠠ᠃       ︽ᠮᠠᠨ ᠤ ᠬᠤᠰᠢᠭᠤᠨ ᠤ ᠨᠤᠳᠤᠭ ᠪᠡᠯᠴᠢᠭᠡᠷ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠠᠵᠢᠯ ᠢ ᠲᠦᠷᠭᠡᠳᠭᠡᠨ᠂ ᠦᠬᠡᠷ ᠤᠨ ᠠᠵᠤ ᠦᠢᠯᠡᠰ ᠤᠨ ᠡᠷᠡᠬᠦᠯ ᠢᠶᠠᠷ ᠬᠦᠭᠵᠢᠬᠦ ᠶᠢ ᠪᠦᠬᠦ ᠬᠦᠴᠤᠨ ᠢᠶᠠᠷ ᠠᠬᠢᠭᠤᠯᠬᠤ ᠪᠠᠷ᠂ 2021 ᠤᠨ ᠠᠴᠠ ᠨᠠᠭᠠᠰᠢ᠂ ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠨᠢ ᠨᠡᠶᠢᠳᠠ 8700 ᠭᠠᠷᠤᠢ ᠲᠦᠮᠡᠨ ᠲᠦᠬᠦᠷᠢᠭ ᠤᠨ ᠪᠡᠯᠡ ᠮᠦᠩᠬᠦ ᠤᠷᠤᠭᠤᠯᠵᠤ᠂ 13 ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠲᠠᠯᠠᠪᠠᠢ ᠪᠠ ᠵᠢᠱᠢᠶᠡᠴᠢ ᠲᠡᠵᠢᠭᠡᠨ ᠦᠷᠡᠵᠢᠬᠦᠯᠬᠦ ᠲᠤᠭᠤᠷᠢᠭ ᠢ ᠪᠠᠶᠢᠭᠤᠯᠪᠠ︾ ᠭᠡᠵᠤ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ ᠶᠢᠨ ᠡᠷᠬᠢᠯᠡᠭᠴᠢ ᠯᠢ ᠵᠢᠶᠦ᠋ᠨ ᠲᠠᠨᠢᠯᠴᠠᠭᠤᠯᠤᠨ᠎ᠠ᠃     ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠶᠢᠨ ᠮᠢᠬᠠᠨ ᠦᠬᠡᠷ ᠤᠨ ᠲᠡᠵᠢᠭᠡᠨ ᠦᠷᠡᠵᠢᠬᠦᠯᠬᠦ ᠲᠦᠷᠤᠯ ᠵᠦᠢᠯ ᠢ ᠬᠡᠷᠡᠭᠵᠢᠬᠦᠯᠥᠭᠰᠡᠨ ᠠᠴᠠ ᠨᠠᠭᠠᠰᠢ᠂ ᠮᠠᠯᠴᠢᠨ ᠲᠠᠷᠢᠶᠠᠴᠢᠳ ᠤᠨ ᠤᠷᠤᠯᠭ᠎ᠠ ᠪᠠ ᠭᠠᠴᠠᠭᠠᠨ ᠤ ᠨᠡᠶᠢᠳᠠ ᠶᠢᠨ ᠠᠵᠤ ᠠᠬᠤᠢ ᠶᠢ ᠨᠡᠮᠡᠭᠳᠡᠬᠦᠯᠥᠭᠰᠡᠨ ᠢᠶᠠᠷ ᠪᠠᠷᠠᠬᠤ ᠦᠭᠡᠢ ᠪᠦᠬᠦ ᠬᠤᠰᠢᠭᠤᠨ ᠤ ᠮᠢᠬᠠᠨ ᠦᠬᠡᠷ ᠤᠨ ᠠᠵᠤ ᠦᠢᠯᠡᠰ ᠤᠨ ᠪᠠᠷᠢᠮᠵᠢᠶᠠᠵᠢᠭᠰᠠᠨ ᠫᠧᠩ ᠬᠤᠷᠢᠶ᠎ᠠ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠬᠦᠯᠬᠦ᠂ ᠰᠤᠷᠠᠭ ᠵᠠᠩᠬᠢᠵᠢᠯᠳᠠ ᠶᠢᠨ ᠬᠢᠨᠠᠨ ᠬᠠᠮᠢᠶᠠᠷᠤᠯᠳᠠ᠂ ᠤᠶᠤᠨᠴᠢᠯᠠᠭᠰᠠᠨ ᠬᠠᠮᠢᠶᠠᠷᠤᠯᠳᠠ ᠶᠢ ᠪᠡᠶᠡᠯᠡᠬᠦᠯᠵᠤ᠂ ᠪᠦᠬᠦ ᠬᠤᠰᠢᠭᠤᠨ ᠤ ᠮᠢᠬᠠᠨ ᠦᠬᠡᠷ ᠤᠨ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠦᠷ᠎ᠠ ᠪᠦᠳᠤᠮᠵᠢ ᠶᠢ ᠪᠠᠳᠤᠳᠬᠠᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠪᠠᠳᠤᠳᠠᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号