ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠬᠦᠯᠤᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠤᠨ᠎ᠡ
ᠨᠡᠶᠢᠲᠡᠯᠡᠭᠰᠡᠨ ᠴᠠᠭ᠄
2024/8/15
    ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠴᠤᠯᠡᠨ ᠬᠦᠭᠵᠢᠬᠦᠯᠵᠤ᠂ ᠲᠠᠷᠢᠶᠠᠴᠢᠳ ᠤᠨ ᠭᠡᠷ ᠤᠨ ᠡᠮᠤᠨ᠎ᠠ ᠬᠤᠶᠢᠨᠠᠬᠢ ᠬᠠᠰᠢᠶᠠᠨ ᠤ ᠪᠠᠨ ᠰᠤᠯᠠ ᠲᠠᠯᠪᠢᠭᠳᠠᠵᠤ ᠪᠠᠶᠢᠭ᠎ᠠ ᠭᠠᠵᠠᠷ ᠢᠶᠠᠨ ᠦᠨᠳᠤᠷ ᠦᠷ᠎ᠠ ᠪᠦᠳᠤᠮᠵᠢ ᠲᠠᠢ ᠪᠠᠷ ᠠᠰᠢᠭᠯᠠᠬᠤ ᠶᠢ ᠲᠠᠶᠢᠴᠢᠯᠠᠨ᠂ ︽ᠵᠢᠵᠢᠭ ᠬᠦᠷᠢᠶ᠎ᠠ ᠬᠠᠰᠢᠶᠠᠨ︾   ᠤ ︽ᠰᠢᠨ᠎ᠠ ᠬᠦᠳᠡᠯᠭᠡᠬᠦ ᠬᠦᠴᠤᠨ︾ ᠢ ᠤᠷᠮᠠᠰᠢᠭᠤᠯᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠬᠦᠴᠤᠨ ᠨᠡᠮᠡᠷᠢᠯᠡᠪᠠ᠃     ᠪᠠᠶᠠᠨᠵᠢᠯᠠᠭ᠎ᠠ ᠰᠢᠶᠠᠩ ᠤᠨ ᠬᠤᠩ ᠹᠠ ᠲᠤᠰᠬᠤᠨ ᠤ ᠶᠠᠳᠠᠭᠤ ᠠᠴᠠ ᠠᠩᠬᠢᠵᠢᠷᠠᠭᠰᠠᠨ ᠡᠷᠤᠬᠡ ᠡᡁᠸᠤ ᠬᠦᠢ ᠶᠠᠨ ᠤᠤᠯ ᠳᠠᠭᠠᠨ ᠬᠦᠷᠢᠶ᠎ᠠ ᠬᠠᠰᠢᠶᠠᠨ ᠳᠠᠭᠠᠨ ᠦᠪᠠᠷ ᠤᠨ ᠢᠶᠠᠨ ᠢᠳᠡᠬᠦ ᠨᠤᠭᠤᠭ᠎ᠠ ᠲᠠᠷᠢᠵᠤ ᠪᠠᠶᠢᠵᠠᠢ᠃ ᠡ᠊ᠨᠠ ᠵᠢᠯ ᠳᠤ᠂ ᠲᠤᠰᠬᠤᠨ ᠤ ᠬᠤᠶᠠᠷ ᠵᠦᠪᠯᠠᠯ ᠤᠨ ᠲᠠᠶᠢᠴᠢᠯᠠᠭ᠎ᠠ ᠲᠤᠤᠷ᠎ᠠ ᠲᠡᠷᠠ ᠦᠪᠠᠷ ᠤᠨ ᠬᠠᠰᠢᠶᠠᠨ ᠳᠠᠭᠠᠨ ᠰᠢᠷ᠎ᠠ ᠪᠤᠷᠴᠠᠭ ᠲᠠᠷᠢᠵᠤ᠂ ᠤᠷᠭᠤᠴᠠ ᠰᠠᠶᠢᠳᠠᠢ ᠰᠢᠷ᠎ᠠ ᠪᠤᠷᠴᠠᠭ ᠢᠶᠠᠨ ᠬᠠᠷᠠᠭᠠᠳ ᠲᠦᠢᠯ ᠢᠶᠠᠷ ᠪᠠᠶᠠᠷᠯᠠᠨ᠎ᠠ᠃ ︽ᠡ᠊ᠨᠠ ᠵᠢᠯ ᠪᠢ 2 ᠮᠤ᠋ ᠰᠢᠷ᠎ᠠ ᠪᠤᠷᠴᠠᠭ ᠲᠠᠷᠢᠬᠤ ᠶᠢᠨ ᠬᠠᠮᠳᠤ ᠦᠯᠡᠳᠡᠭᠰᠡᠨ ᠭᠠᠵᠠᠷ ᠲᠠᠭᠠᠨ ᠪᠠᠰᠠ ᠨᠤᠭᠤᠭ᠎ᠠ ᠲᠠᠷᠢᠵᠤ᠂ ᠦᠪᠠᠷ ᠤᠨ ᠢᠳᠡᠬᠦ ᠪᠠᠨ ᠰᠶᠢᠳᠪᠤᠷᠢᠯᠡᠭᠰᠡᠨ ᠢᠶᠠᠷ ᠪᠠᠷᠠᠬᠤ ᠦᠭᠡᠢ᠂ ᠪᠠᠰᠠ ᠤᠷᠤᠯᠭ᠎ᠠ ᠪᠠᠨ ᠨᠡᠮᠡᠭᠳᠡᠬᠦᠯᠵᠤ ᠴᠢᠳᠠᠪᠠ︾ ᠭᠡᠵᠤ ᠡᡁᠸᠥ ᠬᠦᠢ ᠶᠠᠨ ᠶᠠᠷᠢᠨ᠎ᠠ᠃     ᠬᠤᠩ ᠹᠠ ᠲᠤᠰᠬᠤᠨ ᠮᠡᠳᠤ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠬᠦᠯᠤᠨ᠂ ᠤᠨᠴᠠᠯᠢᠭᠳᠤ ᠲᠠᠷᠢᠮᠠᠯ ᠢ ᠲᠠᠷᠢᠵᠤ ᠤᠷᠭᠤᠭᠤᠯᠵᠤ ᠪᠠᠶᠢᠭ᠎ᠠ ᠲᠤᠰᠬᠤᠨ ᠪᠠᠶᠠᠨᠵᠢᠯᠠᠭ᠎ᠠ ᠰᠢᠶᠠᠩ ᠳᠤ ᠤᠯᠠᠨ ᠪᠤᠢ᠃ ᠤᠳᠤᠬᠠᠨ ᠳᠤ᠂ ᠡᠣ ᠰᠢᠩ ᠲᠤᠰᠬᠤᠨ ᠤ ᠵᠢᠮᠢᠰ ᠤᠨ ᠮᠤᠳᠤ ᠪᠠ ᠡᠷᠳᠠᠨᠢ ᠰᠢᠰᠢ ᠶᠢᠨ ᠤᠷᠭᠤᠴᠠ ᠪᠠᠰᠠ ᠰᠠᠶᠢᠳᠠᠢ ᠪᠠᠶᠢᠨ᠎ᠠ᠃ ︽ᠮᠢᠨᠤ ᠲᠠᠷᠢᠭᠰᠠᠨ ᠡᠷᠳᠡᠨᠢ ᠰᠢᠰᠢ ᠪᠠᠨ ᠨᠠᠮᠤᠷ ᠤᠨ ᠵᠠᠬ᠎ᠠ ᠲᠡᠯᠭᠡᠬᠦᠷ ᠲᠤ ᠪᠤᠷᠤᠯᠠᠭᠤᠯᠪᠠᠯ ᠠᠷᠪᠠᠭᠠᠳ ᠲᠦᠮᠠᠨ ᠲᠦᠬᠦᠷᠢᠭ ᠤᠨ ᠤᠷᠤᠯᠭ᠎ᠠ ᠤᠯᠵᠤ ᠴᠢᠳᠠᠨ᠎ᠠ︾ ᠭᠡᠵᠤ ᠪᠠᠶᠠᠨᠵᠢᠯᠠᠭ᠎ᠠ ᠰᠢᠶᠠᠩ ᠤᠨ ᠡᠣ ᠰᠢᠩ ᠲᠤᠰᠬᠤᠨ ᠤ ᠠᠷᠠᠳ ᠵᠠᠩ ᠱᠦ ᠬᠤᠸᠠᠨ ᠪᠠᠶᠠᠷᠳᠠᠢ ᠶᠠᠷᠢᠨ᠎ᠠ᠃     ︽ᠡ᠊ᠨᠠ ᠵᠢᠯ ᠤᠨ ᠬᠠᠪᠤᠷ ᠤᠨ ᠤᠯᠠᠷᠢᠯ ᠳᠤ ᠬᠤᠶᠠᠷ ᠲᠤᠰᠬᠤᠨ ᠳᠤ ᠲᠤᠰ ᠪᠦᠷᠢ ᠵᠢᠮᠢᠰ ᠤᠨ ᠮᠤᠳᠤ ᠪᠠ ᠡᠷᠳᠡᠨᠢ ᠰᠢᠰᠢ ᠲᠠᠷᠢᠵᠠᠢ᠂ ᠮᠠ ᠵᠠᠨ ᠲᠤᠰᠬᠤᠨ ᠤ 15 ᠡᠷᠤᠬᠡ 600 ᠭᠠᠷᠤᠢ ᠵᠢᠮᠢᠰ ᠤᠨ ᠮᠤᠳᠤ ᠤᠶᠢᠵᠢᠭᠤᠯᠵᠤ᠂ ᠡᠷᠤᠬᠡ ᠪᠦᠷᠢ ᠲᠤᠮᠳᠠᠴᠢ ᠪᠠᠷ 2100 ᠭᠠᠷᠤᠢ ᠲᠦᠬᠦᠷᠢᠭ ᠨᠡᠮᠡᠭᠳᠡᠵᠤ᠂ ᠯᠢᠨ ᠴᠠᠩ ᠲᠤᠰᠬᠤᠨ ᠤ 31 ᠡᠷᠤᠬᠡ ᠡᠷᠳᠡᠨᠢ ᠰᠢᠰᠢ ᠲᠠᠷᠢᠵᠤ᠂ ᠡᠷᠤᠬᠡ ᠪᠦᠷᠢ ᠲᠤᠮᠳᠠᠴᠢ ᠪᠠᠷ 1500 ᠭᠠᠷᠤᠢ ᠲᠦᠬᠦᠷᠢᠭ ᠤᠨ ᠤᠷᠤᠯᠭ᠎ᠠ ᠨᠡᠮᠡᠭᠳᠡᠬᠦ ᠪᠤᠯᠤᠨ᠎ᠠ᠃ ᠬᠤᠵᠢᠮ ᠪᠢᠳᠠ ᠪᠤᠰᠤᠳ ᠲᠤᠰᠬᠤᠨ ᠳᠤ ᠪᠠᠰᠠ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠴᠤᠯᠡᠨ ᠬᠦᠭᠵᠢᠬᠦᠯᠬᠦ ᠪᠠᠷ ᠴᠢᠷᠮᠠᠶᠢᠵᠤ ᠪᠠᠶᠢᠨ᠎ᠠ︾ ᠭᠡᠵᠤ ᠡᠣ ᠰᠢᠩ ᠲᠤᠰᠬᠤᠨ ᠤ ᠨᠠᠮ ᠤᠨ ᠡᠬᠦᠷ ᠤᠨ ᠱᠦᠵᠢ ᠸᠠᠩ ᠶᠦᠩ ᠬᠤᠸᠠ ᠲᠠᠨᠢᠯᠴᠠᠭᠤᠯᠪᠠ᠃      ᠤᠶᠢᠷ᠎ᠠ ᠶᠢᠨ ᠵᠢᠯ ᠠᠴᠠ ᠨᠠᠭᠠᠰᠢ᠂ ᠪᠠᠶᠠᠨᠵᠢᠯᠠᠭ᠎ᠠ ᠰᠢᠶᠠᠩ ᠨᠠᠮ ᠤᠨ ᠪᠠᠶᠢᠭᠤᠯᠤᠯᠳᠠ ᠪᠠᠷ ᠲᠠᠶᠢᠴᠢᠯᠠᠨ ᠲᠠᠭᠠᠭᠤᠯᠬᠤ᠂ ᠤᠬᠠᠭᠤᠯᠤᠨ ᠤᠳᠤᠷᠢᠳᠬᠤ᠂ ᠵᠢᠱᠢᠶᠡᠴᠢ ᠪᠠᠷ ᠲᠠᠶᠢᠴᠢᠯᠠᠨ ᠲᠠᠭᠠᠭᠤᠯᠬᠤ ᠪᠠᠷ ᠭᠠᠷᠳᠠᠴᠠ ᠪᠤᠯᠭᠠᠨ᠂ ᠬᠦᠷᠢᠶ᠎ᠠ ᠬᠠᠰᠢᠶᠠᠨ ᠤ ᠠᠵᠤ ᠠᠬᠤᠢ ᠶᠢ ᠢᠳᠡᠪᠬᠢᠳᠠᠢ ᠬᠦᠭᠵᠢᠬᠦᠯᠵᠦ᠂ ᠠᠵᠤ ᠦᠢᠯᠡᠰ ᠤᠨ ᠬᠦᠭᠵᠢᠯᠳᠠ ᠪᠠ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠠᠯ ᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ᠂ ᠤᠯᠠᠨ ᠲᠦᠮᠡᠨ ᠢ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢᠶᠠᠨ ᠪᠦᠬᠦ ᠲᠠᠯ᠎ᠠ ᠪᠠᠷ ᠠᠰᠢᠭᠯᠠᠬᠤ ᠶᠢ ᠲᠠᠶᠢᠴᠢᠯᠠᠵᠤ᠂ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠴᠤᠯᠡᠨ ᠬᠦᠭᠵᠢᠬᠦᠯᠵᠤ᠂ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠬᠦ ᠰᠢᠨ᠎ᠠ ᠠᠷᠭ᠎ᠠ ᠵᠠᠮ ᠢ ᠡᠷᠢᠯᠬᠢᠯᠡᠪᠡ᠃                                        ︵ᠤᠶᠤᠨᠨ᠎ᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号