ᠮᠠᠨ ᠤ ᠬᠤᠰᠢᠭᠤᠨ ᠤ ᠪᠣᠬᠢᠷᠲᠤᠯ ᠥᠬᠡᠶ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠤᠨᠴᠠᠯᠢᠬᠳᠤ ᠠᠵᠤ ᠦᠢᠯᠡᠰ ᠤᠨ ᠰᠦᠷᠦᠭᠵᠢᠯ ᠣᠷᠣᠨ ᠤ ᠲᠠᠰ ᠤᠨ ᠨᠡᠷᠡᠰ ᠤᠨ ᠵᠢᠭᠰᠠᠭᠠᠯᠳᠠ ᠳᠤ ᠣᠷᠣᠪᠠ
ᠨᠡᠶᠢᠲᠡᠯᠡᠭᠰᠡᠨ ᠴᠠᠭ᠄
2024/8/15
    ᠣᠶᠢᠷ᠎ᠠ ᠳᠤ᠂ ᠰᠤᠷᠪᠤᠯᠵᠢᠯᠠᠭᠴᠢ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠵᠠᠯᠠᠶᠢᠳ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠮᠡᠳᠡᠭᠦᠯᠦᠭᠰᠡᠨ ᠵᠠᠯᠠᠶᠢᠳ ᠬᠤᠰᠢᠭᠤᠨ ᠤ ᠪᠣᠬᠢᠷᠲᠤᠯ ᠥᠬᠡᠶ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠤᠨᠴᠠᠯᠢᠬᠳᠤ ᠠᠵᠤ ᠦᠢᠯᠡᠰ ᠤᠨ ᠰᠦᠷᠦᠭᠵᠢᠯ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠤᠨᠴᠠᠯᠢᠬᠳᠤ ᠠᠵᠤ ᠦᠢᠯᠡᠰ ᠤᠨ ᠰᠦᠷᠦᠭᠵᠢᠯ ᠤᠨ ᠨᠡᠷᠡᠰ ᠲᠤ ᠣᠷᠣᠵᠤ᠂ ᠬᠢᠩᠭᠠᠨ ᠠᠶᠢᠮᠠᠭ ᠤᠨ ᠴᠣᠷ ᠤᠨ ᠭᠠᠭᠴᠠ ᠰᠣᠩᠭᠤᠭᠳᠠᠭᠰᠠᠨ ᠤᠨᠴᠠᠯᠢᠬᠳᠤ ᠠᠵᠤ ᠦᠢᠯᠡᠰ ᠤᠨ ᠰᠦᠷᠦᠭᠵᠢᠯ ᠪᠣᠯᠤᠭᠰᠠᠨ ᠪᠠᠶᠢᠨ᠎ᠠ᠃      ᠵᠠᠯᠠᠶᠢᠳ ᠬᠤᠰᠢᠭᠤᠨ ᠤ ᠪᠣᠬᠢᠷᠲᠤᠯ ᠥᠬᠡᠶ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠤᠨᠴᠠᠯᠢᠭᠳᠤ ᠠᠵᠤ ᠦᠢᠯᠡᠰ ᠤᠨ ᠰᠦᠷᠦᠭᠵᠢᠯ ᠤᠨ ᠡᠵᠡᠯᠡᠬᠦ ᠲᠠᠯᠠᠪᠠᠶ ᠨᠢ 85 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠣᠬᠢᠷᠲᠤᠯ ᠥᠬᠡᠶ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠤᠯᠯᠠᠬᠤ ᠠᠵᠤ ᠦᠢᠯᠡᠰ ᠪᠣᠯᠭᠠᠵᠤ᠂ ᠳᠠᠷᠢᠵᠤ ᠳᠡᠵᠢᠭᠡᠬᠦ᠂ ᠦᠢᠯᠡᠳᠪᠦᠷᠢᠯᠡᠵᠦ ᠡᠳ᠋ᠰᠢᠭᠦᠯᠬᠦ᠂ ᠪᠣᠷᠣᠯᠠᠭᠤᠯᠬᠤ᠂ ᠦᠢᠯᠡᠴᠢᠯᠡᠬᠦ ᠪᠥᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠪᠡ᠃ ᠪᠦᠷᠢᠳᠭᠡᠯ ᠢ ᠦᠨᠳᠦᠰᠦᠯᠡᠪᠡᠯ᠂ ᠳᠤᠰ ᠰᠦᠷᠦᠭᠵᠢᠯ ᠨᠢ 37 ᠳᠤᠮᠳᠠ ᠵᠢᠵᠢᠭ ᠠᠵᠤ ᠠᠬᠤᠶᠢᠯᠠᠯ ᠲᠠᠢ᠃ ᠡᠭᠦᠨ ᠳᠤ ᠤᠯᠤᠰ ᠤᠨ ᠲᠠᠰ ᠤᠨ ᠳᠠᠭᠠᠭᠤᠯᠤᠭᠴᠢ ᠠᠵᠤ ᠠᠬᠤᠶᠢᠯᠠᠯ 1᠂ ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ 1᠂ ᠤᠯᠤᠰ ᠤᠨ ᠲᠠᠰ ᠤᠨ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠳᠠᠭᠠᠭᠤᠯᠤᠭᠴᠢ ᠠᠵᠤ ᠠᠬᠤᠶᠢᠯᠠᠯ 1᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 13᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 11᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠳᠠᠭᠠᠭᠤᠯᠤᠭᠴᠢ ᠠᠵᠤ ᠠᠬᠤᠶᠢᠯᠠᠯ 14 ᠪᠠᠶᠢᠵᠤ᠂ ᠰᠦᠷᠦᠭᠵᠢᠯ ᠤᠨ ᠳᠣᠲᠣᠷᠠᠬᠢ ᠭᠤᠤᠯᠯᠠᠬᠤ ᠠᠵᠤ ᠦᠢᠯᠡᠰ ᠤᠨ ᠦᠢᠯᠡᠳᠬᠦᠨ ᠤ ᠥᠷᠲᠡᠭ ᠤᠨ ᠡᠵᠡᠯᠡᠬᠦ ᠬᠠᠷᠢᠴᠠᠯ ᠨᠢ ᠦᠢᠯᠡᠳᠬᠦᠨ ᠤ ᠪᠥᠬᠦ ᠥᠷᠲᠡᠭ ᠤᠨ 70% ᠠᠴᠠ ᠳᠡᠭᠡᠭᠰᠢᠬᠢ ᠶᠢ ᠡᠵᠡᠯᠡᠵᠦ ᠪᠤᠢ᠃     ᠳᠤᠰ ᠰᠦᠷᠦᠭᠵᠢᠯ ᠤᠨ ᠠᠵᠤ ᠦᠢᠯᠡᠰ ᠤᠨ ᠬᠡᠯᠬᠢᠶ᠎ᠡ ᠨᠢ ᠪᠣᠬᠢᠷᠲᠤᠯ ᠥᠬᠡᠶ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠪᠠᠷ ᠬᠥᠭᠵᠢᠯᠲᠡ ᠶᠢᠨ ᠴᠢᠭᠯᠡᠯ ᠪᠣᠯᠭᠠᠵᠤ᠂ ᠤᠰᠤᠨ ᠲᠤᠲᠤᠷᠭ᠎ᠠ ᠶᠢᠨ ᠠᠵᠤ ᠦᠢᠯᠡᠰ ᠤᠨ ᠬᠡᠯᠬᠢᠶ᠎ᠡ᠂ ᠡᠷᠳᠡᠨᠢ ᠰᠢᠰᠢ ᠶᠢᠨ ᠠᠵᠤ ᠦᠢᠯᠡᠰ ᠤᠨ ᠬᠡᠯᠬᠢᠶ᠎ᠡ᠂ ᠰᠢᠷ᠎ᠠ ᠪᠤᠷᠴᠠᠭ ᠤᠨ ᠠᠵᠤ ᠦᠢᠯᠡᠰ ᠤᠨ ᠬᠡᠯᠬᠢᠶ᠎ᠡ᠂ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ᠂ ᠠᠯᠠᠰᠢᠨ ᠬᠤᠨᠢᠨ ᠤ ᠠᠵᠤ ᠦᠢᠯᠡᠰ ᠤᠨ ᠬᠡᠯᠬᠢᠶ᠎ᠡ᠂ ᠡᠯᠳᠡᠪ ᠠᠮᠤ ᠡᠯᠳᠡᠪ ᠪᠤᠷᠴᠠᠭ ᠤᠨ ᠠᠵᠤ ᠦᠢᠯᠡᠰ ᠤᠨ ᠬᠡᠯᠬᠢᠶ᠎ᠡ᠂ ᠭᠠᠭ᠋ᠠᠶ ᠲᠡᠵᠢᠭᠡᠬᠦ ᠠᠵᠤ ᠦᠢᠯᠡᠰ ᠤᠨ ᠬᠡᠯᠬᠢᠶ᠎ᠡ᠂ ᠰᠢᠬᠢᠷ ᠯᠤᠤᠪᠠᠩ ᠤᠨ ᠠᠵᠤ ᠦᠢᠯᠡᠰ ᠤᠨ ᠬᠡᠯᠬᠢᠶ᠎ᠡ ᠵᠡᠷᠭᠡ 8 ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠠᠢ᠃ ᠶᠡᠭᠡ ᠬᠡᠪᠴᠢᠶ᠎ᠡ ᠲᠠᠢ ᠲᠤᠲᠤᠷᠭ᠎ᠠ ᠪᠣᠯᠪᠠᠰᠤᠷᠠᠭᠤᠯᠬᠤ ᠦᠢᠯᠡᠳᠪᠦᠷᠢ 15᠂ ᠨᠢᠲᠤᠯᠵᠤ ᠪᠣᠯᠪᠠᠰᠤᠷᠠᠭᠤᠯᠬᠤ ᠦᠢᠯᠡᠳᠪᠦᠷᠢ 3᠂ ᠡᠯᠳᠡᠪ ᠠᠮᠤ ᠡᠯᠳᠡᠪ ᠪᠤᠷᠴᠠᠭ ᠦᠢᠯᠡᠳᠪᠦᠷᠢᠯᠡᠬᠦ ᠠᠵᠤ ᠠᠬᠤᠶᠢᠯᠠᠯ ᠢ 2᠂ ᠬᠠᠷ᠎ᠠ ᠠᠷᠢᠬᠢᠨ ᠤ ᠦᠢᠯᠡᠳᠪᠦᠷᠢ ᠶᠢ 3᠂ ᠣᠷᠭᠠᠨᠢᠭ ᠪᠣᠷᠳᠣᠭᠤᠷ ᠤᠨ ᠦᠢᠯᠡᠳᠪᠦᠷᠢ ᠶᠢ 3᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢ 2᠂ ᠬᠤᠭᠤᠯᠠᠶ ᠶᠢᠨ ᠮᠠᠲ᠋ᠧᠷᠢᠶᠠᠯ ᠤᠨ ᠦᠢᠯᠡᠳᠪᠦᠷᠢ ᠶᠢ 2 ᠪᠠᠶᠢᠭᠤᠯᠵᠤ᠂ ᠪᠦᠲᠦᠭᠡᠭᠳᠡᠬᠦᠨ ᠳᠤ ᠦᠷ᠎ᠡ᠂ ᠲᠤᠲᠤᠷᠭ᠎ᠠ᠂ ᠦᠬᠡᠷ ᠬᠤᠨᠢᠨ ᠮᠢᠬ᠎ᠠ᠂ ᠬᠠᠷ᠎ᠠ ᠠᠷᠢᠬᠢ᠂ ᠤᠯᠠᠭᠠᠨ ᠠᠷᠢᠬᠢ᠂ ᠳᠡᠯᠳᠡᠦ ᠶᠢᠨ ᠭᠤᠯᠢᠷ᠂ ᠬᠠᠲᠠᠭᠠᠭᠰᠠᠨ ᠦᠬᠡᠷ ᠤᠨ ᠮᠢᠬ᠎ᠠ᠂ ᠰᠢᠨ᠎ᠡ ᠰᠣᠷᠭᠤᠭ ᠡᠷᠳᠡᠨᠢ ᠰᠢᠰᠢ᠂ ᠲᠡᠵᠢᠭᠡᠯ ᠪᠣᠷᠳᠤᠭ᠎ᠠ᠂ ᠣᠷᠭᠠᠨᠢᠭ ᠪᠣᠷᠳᠣᠭᠤᠷ᠂ ᠲᠠᠷᠢᠶᠠᠯᠠᠩ ᠤᠨ ᠮᠠᠰᠢᠨ ᠵᠡᠷᠭᠡ ᠶᠢ ᠪᠠᠭᠲᠠᠭᠠᠨ᠎ᠠ᠃ ᠡᠭᠦᠨ ᠤ ᠬᠠᠮᠲᠤ᠂ ᠵᠠᠯᠠᠶᠢᠳ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ ᠤᠶᠤᠨᠲᠤ ᠤᠷᠤᠨ ᠲᠣᠭᠤᠷᠢᠭ᠂ ᠵᠠᠯᠠᠶᠢᠳ ᠬᠤᠰᠢᠭᠤᠨ ᠤ ᠲᠠᠯ᠎ᠠ ᠨᠤᠲᠤᠭ ᠤᠨ ᠮᠠᠯ ᠠᠵᠤ ᠠᠬᠤᠶ ᠶᠢᠨ ᠲᠣᠭᠠᠴᠢᠯᠠᠭᠰᠠᠨ ᠲᠥᠪ ᠵᠡᠷᠭᠡ ᠬᠠᠮᠲᠤ ᠪᠠᠷ ᠡᠳ᠋ᠯᠡᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠨᠢ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠰᠢᠨᠡᠳᠭᠡᠬᠦ ᠵᠢᠴᠢ ᠨᠡᠶᠢᠳᠡᠮ ᠬᠡᠷᠡᠭᠯᠡᠬᠦ ᠦᠢᠯᠡᠳᠪᠦᠷᠢᠯᠡᠯ ᠤᠨ ᠲᠥᠬᠦᠭᠡᠷᠦᠮᠵᠢ ᠂ ᠡᠳ᠋ ᠪᠠᠷᠠᠭᠠᠨ ᠤ ᠭᠦᠢᠯᠭᠡᠭᠡ᠂ ᠬᠥᠮᠥᠷᠭᠡᠯᠡᠯᠲᠡ᠂ ᠬᠥᠮᠦᠨ ᠤ ᠬᠦᠴᠦ᠂ ᠵᠢᠷᠤᠭ ᠲᠥᠯᠥᠪᠯᠡᠭᠡ ᠵᠡᠷᠭᠡ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠰᠦᠷᠦᠭᠵᠢᠯ ᠬᠠᠷᠢᠯᠴᠠᠨ ᠬᠥᠳᠡᠯᠦᠯᠴᠡᠨ ᠬᠥᠭᠵᠢᠭᠰᠡᠨ ᠠᠵᠤ ᠦᠢᠯᠡᠰ ᠤᠨ ᠰᠢᠰᠲ᠋ᠧᠮ ᠢ ᠪᠣᠶ ᠪᠣᠯᠭᠠᠪᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号