ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/8/20
     ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠤᠳᠠᠭᠠᠨ ᠳᠠᠭᠠᠭᠠᠮᠠᠭᠠᠶ ᠴᠢᠷᠮᠠᠶᠢᠯᠭ᠎ᠠ ᠳᠤ ᠲᠦᠰᠢᠭᠯᠡᠳᠡᠭ᠃ ᠤᠢᠢᠷ᠎ᠠ ᠶᠢᠨ ᠵᠢᠯ ᠠᠴᠠ ᠨᠠᠭᠠᠰᠢ᠂ ᠳᠡᠯᠡᠬᠡᠢ ᠳ᠋ᠠᠬᠢᠨ ᠳᠤ ᠮᠡᠳᠡᠷᠡᠭᠳᠡᠭᠰᠡᠨ ᠰᠢᠵᠢᠷ ᠠᠯᠳᠠᠨ ᠮᠠᠯ ᠠᠵᠤ ᠠᠬᠤᠢ ᠶᠢᠨ ᠪᠦᠰᠡ ᠳᠤ ᠪᠠᠶᠢᠷᠢᠯᠠᠵᠤ ᠪᠠᠶᠢᠭ᠎ᠠ ᠵᠠᠯᠠᠶᠢᠳ ᠬᠤᠰᠢᠭᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠨ᠂ ᠪᠡᠯᠴᠢᠬᠡᠷ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ ᠲᠠᠶᠢᠰᠢ ᠬᠡᠯᠪᠡᠷᠢ ᠪᠠᠨ ᠬᠤᠪᠢᠷᠠᠭᠤᠯᠬᠤ ᠵᠠᠮ ᠢ ᠬᠦᠨᠵᠡᠬᠡᠢ ᠰᠦᠪᠡᠭᠴᠢᠯᠡᠵᠤ᠂ ᠡᠳᠦᠷ ᠢᠷᠡᠬᠦᠶ᠎ᠡ ᠪᠠᠬᠢᠵᠢᠵᠦ ᠪᠠᠶᠢᠭ᠎ᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠵᠤ᠂ ᠨᠤᠮᠢᠨ ᠤᠰᠦ ᠬᠦᠬᠡᠮᠳᠦᠭ ᠠᠭᠤᠯᠡᠠ ᠤ ᠲᠤᠮᠳᠠ ᠠᠮᠢ ᠠᠬᠤᠢ ᠶᠢᠨ ᠦᠷᠳᠡᠭ ᠰᠤᠯᠢᠭᠳᠠᠯ ᠤᠨ ᠰᠢᠨ᠎ᠡ ᠵᠠᠮ ᠢ ᠨᠡᠬᠡᠬᠡᠯ᠎ᠠ᠃     ᠤᠶᠢᠵᠢᠭᠤᠯᠵᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠬᠢᠵᠢᠭᠦᠯᠪᠡ     ᠵᠠᠯᠠᠶᠢᠳ ᠬᠤᠰᠢᠭᠤᠨ ᠤ ᠬᠦᠷᠡᠯ ᠪᠠᠯᠭᠠᠰᠤ ᠶᠢᠨ ᠴᠠᠭᠠᠨᠵᠢᠷᠦᠬᠡ ᠭᠠᠴᠠᠭ᠎ᠠ ᠳᠤ ᠡᠪᠡᠰᠤ ᠮᠤᠳᠤ ᠬᠦᠬᠡᠷᠡᠨ ᠨᠤᠭᠤᠭᠠᠷᠠᠵᠤ ᠢᠭᠴᠤ ᠰᠠᠬᠤᠯᠢᠭ ᠤᠷᠭᠤᠵᠡᠢ᠃ ᠣᠶᠢᠷ᠎ᠠ ᠶᠢᠨ ᠵᠢᠯ ᠠᠴᠠ ᠨᠠᠭᠠᠰᠢ ᠲᠣᠰ ᠭᠠᠴᠠᠭ᠎ᠠ ᠨᠡᠶᠢᠲᠡ 3500 ᠮᠥ ᠮᠣᠳᠣ ᠳᠠᠷᠢᠵᠤ ᠣᠶᠢᠵᠢᠭᠤᠯᠤᠨ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢ 70% ᠳᠤ ᠬᠦᠷᠴᠦ᠂ ᠲᠦᠷᠦᠬᠦᠤ ᠪᠦᠯᠦᠭ ᠤᠨ ︽ᠤᠯᠤᠰ ᠤᠨ ᠤᠶᠢᠳᠤ ᠬᠥᠳᠡᠭᠡ ᠲᠣᠰᠬᠤᠨ︾ ᠤ ᠢᠷᠠᠭᠤ ᠠᠯᠳᠠᠷ ᠢ ᠭᠥᠷᠳᠡᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠥᠯᠢᠭᠡᠷ ᠵᠢᠱᠢᠶ᠎ᠡ ᠪᠣᠯᠤᠭᠰᠠᠨ ᠪᠠᠶᠢᠨ᠎ᠠ᠃      ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠨᠢᠭᠡᠴᠢ︾ ᠪᠣᠯᠤᠭᠰᠠᠨ ᠤ ᠬᠤᠪᠢ ᠳᠤ᠂ ᠵᠠᠯᠠᠶᠢᠳ ᠬᠤᠰᠢᠭᠤ ᠡᠨᠡ ᠵᠢᠯ ᠠᠮᠢ ᠠᠬᠤᠢ ᠶᠢᠨ ᠵᠠᠰᠠᠯᠲᠠ ᠪᠠ ᠬᠠᠮᠠᠭᠠᠯᠠᠯᠲᠠ ᠶᠢᠨ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠰᠠᠶᠢᠲᠤᠷ ᠠᠳᠬᠤᠨ᠂ ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠭᠡᠷ ᠢ ᠨᠣᠭᠤᠭᠠᠷᠠᠭᠤᠯᠬᠤ᠂ ︽ᠤᠮᠠᠷᠠᠲᠤ ᠶᠢᠨ ᠭᠤᠷᠪᠡᠨ ᠤᠷᠤᠨ︾ ᠤ ᠬᠠᠯᠬᠠᠪᠴᠢ ᠤᠢ ᠪᠠ ᠤᠢ ᠰᠢᠭᠤᠢ ᠶᠢ ᠠᠷᠠᠴᠢᠯᠠᠨ ᠪᠤᠶᠢᠵᠢᠭᠤᠯᠬᠤ ᠶᠢ ᠬᠡᠷᠡᠭᠵᠢᠭᠦᠯᠵᠦ᠂ ᠪᠦᠬᠦ ᠨᠡᠶᠢᠭᠡᠮ ᠢᠶᠠᠷ ᠢᠶᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠶᠢ ᠢᠳᠡᠪᠬᠢᠲᠡᠢ ᠠᠬᠢᠭᠤᠯᠪᠠ᠃ ᠡᠭᠦᠨ ᠤ ᠬᠠᠮᠲᠤ᠂ ᠤᠯᠤᠰ ᠤᠨ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠤᠨ ᠲᠠᠭᠠᠭᠠᠴᠡ ᠠᠴᠠ ᠬᠡᠳᠤᠷᠠᠳᠡᠯ᠎ᠡ ᠪᠡᠯᠴᠢᠬᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠬᠦᠯᠦᠬᠡᠳ ᠣᠶ ᠰᠢᠭᠤᠶ ᠨᠤᠳᠤᠭ ᠪᠡᠯᠴᠢᠬᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠦᠷ᠎ᠡ ᠪᠦᠲᠦᠮᠵᠢ ᠢᠯᠡᠷᠬᠡᠢ ᠪᠣᠯᠪᠠ᠃ ︽ᠤᠮᠠᠷᠠᠲᠤ ᠶᠢᠨ ᠭᠤᠷᠪᠡᠨ ᠤᠷᠤᠨ︾ ᠤ ᠬᠠᠯᠬᠠᠪᠴᠢ ᠣᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠭᠠᠰᠢ ᠪᠥᠬᠦ ᠬᠤᠰᠢᠭᠤᠨ ᠤ ᠣᠶᠢᠵᠢᠭᠤᠯᠤᠭᠰᠠᠨ ᠭᠠᠵᠠᠷ ᠤᠨ ᠲᠠᠯᠠᠪᠠᠶ ᠨᠡᠶᠢᠳᠡ 84.99 ᠲᠦᠮᠡᠨ ᠮᠦ ᠳᠤ ᠬᠦᠷᠴᠡᠶ᠃     ᠰᠠᠭᠤᠷᠢ ᠶᠢ ᠰᠠᠶᠢᠲᠤᠷ ᠲᠠᠯᠪᠢᠵᠤ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢᠨ ᠦᠷ᠎ᠡ ᠪᠦᠲᠦᠮᠵᠢ ᠢᠯᠡᠷᠬᠡᠢ ᠪᠣᠯᠪᠠ     ᠬᠦᠬᠡ ᠣᠭᠲᠠᠷᠭᠤᠢ᠂ ᠨᠤᠮᠢᠨ ᠤᠰᠤ᠂ ᠠᠷᠢᠭᠤᠨ ᠠᠭᠠᠷ᠂ ᠴᠡᠪᠡᠷ ᠬᠦᠷᠦᠰᠤ ᠁ ᠦᠵᠡᠰᠭᠦᠯᠡᠩᠲᠦ ᠰᠠᠶᠢᠬᠠᠨ ᠠᠭᠤᠯᠠ ᠤᠰᠤ᠂ ᠨᠣᠮᠢᠨ ᠨᠣᠭᠤᠭᠠᠨ ᠲᠠᠯ᠎ᠠ ᠨᠤᠲᠤᠭ ᠪᠣᠯ ᠵᠠᠯᠠᠶᠢᠳ ᠬᠤᠰᠢᠭᠤᠨ ᠤ ᠬᠠᠮᠤᠭ ᠤᠨ ᠦᠵᠡᠰᠭᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠤᠯᠬᠤ ᠶᠤᠮ᠃     ᠣᠶᠢᠷ᠎ᠠ ᠶᠢᠨ ᠵᠢᠯ ᠠᠴᠠ ᠨᠠᠭᠠᠰᠢ ᠲᠤᠰ ᠬᠤᠰᠢᠭᠤ ᠬᠥᠬᠡ ᠣᠭᠲᠠᠷᠭᠤᠶ᠂ ᠨᠤᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠦᠷᠨᠢᠬᠦᠯᠵᠤ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠳᠤ ᠶᠠᠰᠤ ᠴᠢᠨᠠᠷ ᠤᠨ ᠦᠰᠦᠷᠦᠯᠲᠡ ᠲᠠᠢ ᠪᠤᠯᠪᠠ᠃ ᠠᠭᠠᠷ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠡᠳᠦᠷ ᠤᠨ ᠬᠠᠷᠢᠴᠠᠯ ᠨᠢ 97.5% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠪᠥᠬᠦ ᠠᠶᠢᠮᠠᠭ ᠤᠨ ᠲᠡᠷᠢᠭᠦᠨ ᠡᠩᠨᠡᠬᠡᠨ ᠳᠤ ᠤᠷᠤᠪᠠ︔ ᠤᠰᠤᠨ ᠴᠣᠭᠴᠠ ᠶᠢᠨ ᠶᠠᠰᠤ ᠴᠢᠨᠠᠷ ᠴᠤ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠬᠤ ᠬᠠᠨᠳᠤᠰᠢ ᠲᠠᠢ ᠪᠣᠯᠵᠣ᠂ ᠭᠠᠵᠠᠷ ᠲᠡᠬᠡᠷᠡᠬᠢ ᠤᠰᠤᠨ ᠤ ᠤᠯᠤᠰ ᠤᠨ ᠡᠵᠡᠮᠳᠡᠯ ᠤᠨ ᠬᠢᠨᠠᠨ ᠰᠢᠯᠭᠠᠯᠳᠠ ᠶᠢᠨ ᠤᠭᠳᠤᠯᠤᠭᠠᠰᠤ ᠶᠢᠨ ᠤᠰᠤᠨ ᠤ ᠴᠢᠨᠠᠷ ᠨᠢ ᠴᠥᠮ Ⅲ ᠲᠥᠷᠥᠯ ᠵᠢᠴᠢ ᠲᠡᠭᠦᠨ ᠠᠴᠠ ᠳᠡᠭᠡᠭᠰᠢᠬᠢ  ᠳᠤ ᠬᠦᠷᠴᠡᠶ ᠁      ᠢᠨᠳᠡᠷ ᠪᠠᠯᠭᠠᠰᠤ ᠶᠢᠨ ᠲᠠᠪᠤᠨ ᠬᠡᠷ ᠲᠣᠰᠬᠤᠨ ᠤ ᠴᠧᠩ ᠶᠤᠸᠠᠨ ᠲᠠᠷᠢᠶᠠᠯᠠᠩ ᠤᠨ ᠲᠤᠰᠬᠠᠶ ᠬᠤᠷᠰᠢᠶ᠎ᠡ ᠶᠢᠨ ᠰᠢᠷ᠎ᠠ ᠪᠤᠷᠴᠠᠭ ᠤᠨ ᠲᠠᠷᠢᠮᠠᠯ ᠤᠨ ᠰᠠᠭᠤᠷᠢᠨ ᠳᠤ ᠵᠤᠷᠬ᠎ᠠ ᠵᠤᠷᠬ᠎ᠠ ᠰᠢᠷ᠎ᠠ ᠪᠤᠷᠴᠠᠭ ᠨᠢ ᠨᠡᠷᠡᠨ ᠤ ᠢᠯᠴᠢ ᠬᠤᠷ᠎ᠠ ᠶᠢᠨ ᠰᠢᠮ᠎ᠡ ᠪᠠᠷ ᠢᠳᠡᠷᠡᠭᠦᠨ ᠤᠷᠭᠤᠨ᠎ᠡ᠃ ︽ᠪᠢᠳᠡ ᠶᠡᠭᠡ ᠳᠠᠯᠠᠩ ᠭᠠᠷᠭᠠᠨ ᠰᠢᠷ᠎ᠠ ᠪᠤᠷᠴᠠᠭ ᠢ ᠨᠢᠭᠳᠠ ᠲᠠᠷᠢᠵᠤ ᠬᠦᠶᠦᠬᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ ᠬᠡᠷᠡᠭᠯᠡᠵᠤ᠂ ᠤᠰᠤ ᠪᠣᠷᠲᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢᠶᠠᠷ 500 ᠭᠠᠷᠤᠶ ᠮᠥ ᠰᠢᠷ᠎ᠠ ᠪᠤᠷᠴᠠᠭ ᠳᠠᠷᠢᠪᠠ᠃ ᠡᠲᠡᠭᠡᠷ ᠮᠡᠷᠬᠡᠵᠢᠯ ᠪᠤᠯ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢᠨ ᠨᠢᠭᠤᠴᠠ ᠵᠤᠷ ᠪᠤᠯᠬᠤ ᠶᠤᠮ︾ ᠭᠡᠵᠦ ᠬᠤᠷᠰᠢᠶ᠎ᠡ ᠶᠢᠨ ᠬᠠᠷᠢᠭᠤᠴᠠᠯᠭᠠᠲᠠᠨ ᠼᠦᠩ ᠳ᠋ᠠ ᠴᠧᠩ ᠬᠡᠯᠡᠵᠤ ᠪᠠᠶᠢᠯ᠎ᠡ᠃     ᠵᠠᠯᠠᠶᠢᠳ ᠬᠤᠰᠢᠭᠤ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠶ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠪᠦᠲᠦᠮᠵᠢᠲᠡᠶ ᠠᠬᠢᠭᠤᠯᠤᠨ᠂ ᠲᠠᠷᠢᠶᠠᠯᠠᠩ ᠤᠨ ᠤᠨᠠᠯᠳᠡ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠤᠨ ᠪᠠᠶᠠᠵᠢᠭᠤᠯᠬᠤ ᠳᠤ ᠬᠦᠴᠦᠨ ᠨᠡᠮᠡᠷᠢᠯᠡᠭᠰᠡᠬᠡᠷ ᠢᠷᠡᠵᠡᠢ     ᠴᠢᠨᠠᠷ ᠴᠢᠨᠰᠠᠭ᠎ᠠ ᠶᠢ ᠴᠢᠬᠤᠯᠠᠴᠢᠯᠠᠵᠤ ᠠᠮᠢ ᠠᠬᠤᠢ ᠶᠢᠨ ᠦᠷᠳᠡᠭ ᠰᠤᠯᠢᠭᠳᠠᠯ ᠢ ᠪᠦᠲᠦᠮᠵᠢᠲᠡᠢ ᠠᠬᠢᠭᠤᠯᠪᠠ     ︽ᠡᠨᠡ ᠵᠢᠯ ᠲᠣᠰᠬᠤᠨ ᠠᠴᠠ 950 ᠮᠥ ᠲᠠᠷᠢᠶᠠᠨ ᠭᠠᠵᠠᠷ ᠢ ᠲᠡᠭᠰᠢᠯᠡᠨ ᠭᠠᠷᠭᠠᠵᠤ᠂ ᠮᠥ ᠪᠦᠷᠢ ᠶᠢ 500 — 600 ᠲᠥᠭᠦᠷᠢᠭ ᠢᠶᠠᠷ ᠬᠤᠷᠰᠢᠶ᠎ᠠ ᠪᠠ ᠲᠠᠷᠢᠮᠠᠯ ᠤᠨ ᠲᠣᠮᠣ ᠡᠷᠦᠬᠡ ᠳᠤ ᠳᠠᠭᠠᠭᠠᠴᠢᠯᠠᠭᠤᠯᠵᠤ᠂ ᠲᠣᠰᠬᠤᠨ ᠤ ᠬᠠᠮᠲᠤ ᠶᠢᠨ ᠤᠷᠤᠯᠭ᠎ᠠ ᠶᠢ 50 ᠭᠠᠷᠤᠶ ᠲᠦᠮᠡᠨ ᠲᠥᠭᠦᠷᠢᠭ ᠨᠡᠮᠡᠭᠳᠡᠬᠦᠯᠪᠡ︾ ᠭᠡᠵᠦ ᠬᠤᠯᠪᠣᠭ᠎ᠠ ᠪᠠᠯᠭᠠᠰᠤ ᠶᠢᠨ ᠱᠦᠢ ᠲᠢᠶᠠᠨ ᠲᠣᠰᠬᠤᠨ ᠤ ᠨᠠᠮ ᠤᠨ ᠡᠭᠦᠷ ᠤᠨ ᠱᠦᠵᠢ ᠵᠢᠶᠠ ᠯᠢ ᠳ᠋ᠦᠩ ᠲᠠᠨᠢᠯᠴᠠᠭᠤᠯᠤᠨ᠎ᠡ᠃ ᠪᠥᠬᠦ ᠣᠷᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢᠨ ᠬᠤᠰᠢᠭᠤᠴᠢ ᠪᠣᠯᠤᠭᠰᠠᠨ ᠤ ᠬᠤᠪᠢ ᠳᠤ᠂ ᠬᠤᠯᠪᠤᠭ᠎ᠠ ᠪᠠᠯᠭᠠᠰᠤ 2023 ᠣᠨ ᠠᠴᠠ ᠡᠬᠢᠯᠡᠨ 16 ᠪᠠᠶᠢᠭᠠᠯᠢᠯᠢᠭ ᠠᠶᠢᠯ ᠲᠣᠰᠬᠤᠨ ᠳᠤ ᠲᠣᠰ ᠲᠥᠷᠥᠯ ᠵᠦᠢᠯ ᠢ ᠪᠥᠬᠦ ᠲᠠᠯ᠎ᠠ ᠪᠠᠷ ᠬᠡᠷᠡᠭᠵᠢᠬᠦᠯᠵᠤ᠂ ᠨᠡᠶᠢᠲᠡ 4705.32 ᠮᠥ ᠲᠠᠷᠢᠶᠠᠨ ᠭᠠᠵᠠᠷ ᠢ ᠲᠡᠭᠰᠢᠯᠡᠵᠤ ᠭᠠᠷᠭᠠᠪᠠ᠃      ᠵᠠᠯᠠᠶᠢᠳ ᠬᠤᠰᠢᠭᠤᠨ ᠤ ᠤᠯᠤᠰ ᠤᠨ ᠥᠮᠴᠢᠯᠡᠯ ᠤᠨ ᠭᠤᠣᠯ ᠤᠢ ᠰᠢᠭᠤᠢ ᠶᠢᠨ ᠲᠠᠯᠠᠪᠠᠢ ᠳᠤ 5200 ᠮᠦ ᠰᠢᠳ ᠤᠨ ᠤᠢ ᠲᠠᠢ ᠪᠠᠶᠢᠵᠦ᠂ ᠡᠭᠦᠨ ᠳᠤ 1600 ᠮᠦ ᠨᠢ ᠨᠢᠳᠤᠨᠤᠨ ᠵᠢᠮᠢᠰᠯᠡᠬᠦ ᠬᠤᠭᠤᠴᠠᠭᠠᠨ   ᠳᠤ ᠣᠷᠣᠵᠤ᠂ ᠮᠦ ᠨᠢᠬᠡᠴᠢ ᠶᠢᠨ ᠤᠨᠠᠯᠲᠠ ᠨᠢ ᠬᠠᠮᠤᠭ ᠤᠨ ᠥᠨᠳᠥᠷ ᠲᠡᠭᠡᠨ 400 ᠵᠢᠩ ᠳᠤ ᠬᠦᠷᠴᠡᠢ᠃ ᠡᠨᠡ ᠵᠢᠯ ᠲᠤᠰ ᠬᠤᠰᠢᠭᠤ ᠲᠤᠮᠤ ᠵᠢᠮᠢᠰᠳᠤ ᠰᠢᠳ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ 1.7 ᠲᠦᠮᠡᠨ ᠮᠦ ᠲᠤᠮᠤ ᠵᠢᠮᠢᠰᠳᠤ ᠰᠢᠳ ᠲᠠᠷᠢᠵᠤ᠂ ᠪᠦᠬᠦ ᠬᠤᠰᠢᠭᠤᠨ ᠤ ᠲᠤᠮᠤ ᠵᠢᠮᠢᠰᠳᠤ ᠰᠢᠳ ᠤᠨ ᠲᠠᠷᠢᠮᠠᠯ ᠤᠨ ᠲᠠᠯᠠᠪᠠᠢ 4 ᠲᠦᠮᠡᠨ ᠮᠦ ᠳᠤ ᠬᠦᠷᠴᠦ᠂ ᠳᠤᠮᠳᠠᠳᠤ ᠤᠯᠤᠰ ᠤᠨ ︽ᠲᠤᠮᠤ ᠵᠢᠮᠢᠰᠳᠤ ᠰᠢᠳ ᠤᠨ ᠲᠥᠪ︾ ᠢ ᠬᠦᠴᠦᠯᠡᠨ ᠪᠠᠶᠢᠭᠤᠯᠵᠤ ᠪᠠᠶᠢᠨ᠎ᠠ᠃      ᠣᠶᠢᠷ᠎ᠠ ᠶᠢᠨ ᠵᠢᠯ  ᠠᠴᠠ ᠨᠠᠭᠠᠰᠢ ᠵᠠᠯᠠᠶᠢᠳ ᠬᠤᠰᠢᠭᠤ ᠨᠤᠮᠢᠨ ᠤᠰᠦ ᠬᠦᠬᠡᠮᠳᠦᠭ ᠠᠭᠤᠯᠠ ᠶᠢ ᠠᠯᠲᠡᠠ ᠠᠭᠤᠯᠠ ᠮᠥᠩᠭᠦᠨ ᠬᠠᠶᠢᠷᠬᠠᠨ ᠪᠤᠯᠭᠠᠨ ᠬᠤᠪᠢᠷᠠᠭᠤᠯᠬᠤ ᠰᠢᠨ᠎ᠡ ᠵᠠᠭᠪᠤᠷ᠂ ᠰᠢᠨ᠎ᠡ ᠠᠷᠭ᠎ᠠ ᠵᠠᠮ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ︽ᠠᠮᠢ ᠠᠬᠤᠶ ᠶᠢ ᠰᠡᠷᠭᠦᠭᠡᠬᠦ + ᠨᠡᠮᠡᠭᠳᠡᠯ ᠬᠠᠰᠤᠭᠳᠠᠯ ᠢ ᠬᠤᠯᠪᠣᠬᠤ︾ ᠵᠠᠭᠪᠤᠷ ᠢ ᠬᠡᠷᠡᠭᠵᠢᠭᠦᠯᠵᠦ᠂ ᠠᠮᠢ ᠠᠬᠤᠶ ᠬᠢᠭᠡᠳ ᠠᠷᠠᠳ ᠢ ᠪᠠᠶᠠᠵᠢᠭᠤᠯᠬᠤ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠬᠦᠯᠪᠠ᠃      ᠠᠮᠢ ᠠᠬᠤᠢ ᠰᠠᠶᠢᠵᠢᠷᠠᠪᠠᠯ ᠠᠵᠤ ᠦᠢᠯᠡᠰ ᠬᠦᠭᠵᠢᠨ᠎ᠡ᠃ ᠵᠠᠯᠠᠶᠢᠳ ᠬᠤᠰᠢᠭᠤᠨ ᠤ ᠤᠰᠤᠨ ᠲᠤᠲᠤᠷᠭ᠎ᠠ ᠶᠢᠨ ᠠᠵᠤ ᠦᠢᠯᠡᠰ ᠬᠤᠯᠠ ᠤᠢᠢᠷ᠎ᠠ ᠳᠠᠭᠠᠨ ᠠᠯᠳᠠᠷᠳᠡᠢ᠂ ᠨᠡᠩ ᠴᠦ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠭᠳᠠᠭᠰᠠᠨ ᠨᠢ  ᠡ᠊ᠨᠳᠡᠬᠢ ᠶᠢᠨ ᠤᠰᠤᠨ ᠲᠤᠲᠤᠷᠭ᠎ᠠ ᠶᠢᠨ ᠠᠵᠤ ᠦᠢᠯᠡᠰ ᠢ ᠰᠢᠨ᠎ᠡ ᠦᠨᠳᠦᠷᠴᠡ ᠳᠤ ᠭᠠᠷᠭᠠᠪᠠ᠃ ᠤᠳᠤ ᠵᠠᠯᠠᠶᠢᠳ ᠬᠤᠰᠢᠭᠤᠨ ᠤ ᠤᠰᠤᠨ ᠲᠤᠲᠤᠷᠭ᠎ᠠ ᠵᠢᠴᠢ ᠬᠠᠭᠤᠷᠠᠶ ᠲᠤᠲᠤᠷᠭ᠎ᠠ ᠶᠢᠨ ᠲᠠᠷᠢᠮᠠᠯ ᠤᠨ ᠲᠠᠯᠠᠪᠠᠶ 69 ᠲᠦᠮᠡᠨ ᠮᠦ ᠳᠤ ᠬᠦᠷᠴᠦ᠂ ᠲᠠᠯᠠᠪᠠᠶ ᠪᠠ ᠤᠨᠠᠯᠳᠡ ᠪᠠᠷ ᠴᠥᠮ ᠪᠥᠬᠦ ᠣᠷᠣᠨ ᠤ ᠬᠤᠰᠢᠭᠤ ᠰᠢᠶᠠᠨ ᠬᠤᠲᠠ ᠶᠢᠨ ᠲᠤᠳᠤᠷ᠎ᠡ ᠲᠦᠷᠦᠬᠦᠯᠡᠵᠤ ᠪᠤᠢ᠃      ᠰᠢᠨ᠎ᠡ ᠠᠶᠠᠨ ᠳᠤ ᠵᠠᠯᠠᠶᠢᠳ ᠬᠤᠰᠢᠭᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠬᠦᠴᠦᠨ ᠢᠶᠠᠷ ᠢᠶᠠᠨ ᠭᠦᠨᠵᠡᠭᠡᠢ ᠦᠢᠯᠡᠳᠦᠯᠭᠡᠵᠢᠭᠦᠯᠵᠦ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠠᠬᠢᠭᠤᠯᠤᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠨᠡ ᠬᠦ ᠨᠣᠮᠢᠨ ᠨᠣᠭᠤᠭᠠᠨ᠂ ᠬᠦᠬᠡ ᠴᠡᠩᠬᠡᠷ᠂ ᠴᠡᠪᠡᠷ ᠰᠠᠶᠢᠬᠠᠨ ᠢ ᠡᠷᠡᠰ ᠰᠠᠬᠢᠨ ᠬᠠᠮᠠᠭᠠᠯᠠᠵᠤ ᠪᠠᠶᠢᠨ᠎ᠠ᠃                            ︵ᠭᠤᠤ ᠮᠢᠨ ᠨᠠ︶
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号