ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠨᠢ ᠵᠠᠯᠠᠶᠢᠳ ᠬᠤᠰᠢᠭᠤᠨ ᠤ ᠲᠠᠷᠢᠶᠠᠯᠠᠩ ᠤᠨ ᠪᠦᠳᠤᠭᠡᠭᠳᠡᠬᠦᠨ ᠤ ᠪᠤᠷᠤᠯᠠᠭᠤᠯᠭ᠎ᠠ ᠶᠢ ᠠᠬᠢᠭᠤᠯᠵᠠᠢ
ᠨᠡᠶᠢᠲᠡᠯᠡᠭᠰᠡᠨ ᠴᠠᠭ᠄
2024/8/20
     ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠶᠢᠨ ᠠᠵᠢᠯ ᠢ ᠦᠷᠨᠢᠬᠦᠯᠥᠭᠰᠡᠨ ᠠᠴᠠ ᠨᠠᠭᠠᠰᠢ᠂ ᠵᠠᠯᠠᠶᠢᠳ ᠬᠤᠰᠢᠭᠤ ᠤᠨᠴᠠᠯᠢᠭᠳᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠠ ᠶᠢᠨ ᠲᠠᠪᠠᠭᠤᠯᠢᠭ ᠪᠠ ᠤᠬᠢ ᠰᠠᠶᠢᠨ ᠠᠭᠤᠷ ᠠᠮᠢᠰᠬᠤᠯ ᠠᠮᠢ ᠠᠬᠤᠢ ᠶᠢᠨ ᠤᠷᠴᠢᠨ ᠲᠤᠭᠤᠷᠢᠨ ᠳᠤ ᠲᠦᠰᠢᠭᠯᠡᠨ᠂ ᠪᠡᠭᠡᠵᠢᠩ ᠬᠤᠳᠠ ᠳᠤ ᠰᠢᠷᠢᠰ ᠲᠡᠯᠭᠡᠨ ᠪᠤᠷᠤᠯᠠᠭᠤᠯᠭ᠎ᠠ ᠶᠢᠨ ᠠᠵᠢᠯᠯᠠᠭ᠎ᠠ ᠦᠷᠨᠢᠬᠦᠯᠤᠨ᠂ ᠲᠤᠳᠤᠷᠭ᠎ᠠ᠂ ᠬᠠᠷ᠎ᠠ ᠲᠠᠯᠳᠠᠥ ᠵᠡᠷᠭᠡ ᠤᠨᠴᠠᠯᠢᠭᠳᠤ ᠪᠦᠳᠤᠭᠡᠭᠳᠡᠭᠦᠨ ᠢᠶᠠᠨ ᠲᠡᠯᠭᠡᠨ ᠪᠤᠷᠤᠯᠠᠭᠤᠯᠵᠤ᠂ ᠪᠡᠭᠡᠵᠢᠩ ᠬᠤᠳᠠ ᠳᠤ ᠪᠤᠬᠢᠷᠳᠤᠯ ᠦᠭᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠠ ᠶᠢᠨ ᠦᠢᠯᠡᠳᠬᠦᠨ ᠢ ᠬᠠᠩᠭᠠᠬᠤ ᠰᠠᠭᠤᠷᠢᠨ ᠭᠠᠵᠠᠷ ᠢ ᠪᠦᠬᠦ ᠬᠦᠴᠤᠨ ᠢᠶᠠᠷ ᠪᠦᠳᠤᠭᠡᠨ ᠪᠠᠶᠢᠭᠤᠯᠵᠤ᠂ ᠭᠠᠵᠠᠷ ᠤᠷᠤᠨ ᠤ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠢ ᠨᠡᠮᠡᠭᠳᠡᠬᠦᠯᠤᠨ᠂ ᠵᠠᠯᠠᠶᠢᠳ ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠬᠦᠴᠤᠷᠬᠡᠭ ᠶᠡᠭᠡ ᠲᠡᠮᠵᠢᠯᠭᠡ ᠦᠵᠡᠬᠦᠯᠪᠡ᠃      ᠤᠶᠢᠷ᠎ᠠ ᠶᠢᠨ ᠬᠡᠳᠤᠨ ᠡᠳᠤᠷ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠮᠧᠩ ᠶᠤᠸᠠᠨ ᠠᠮᠤ ᠪᠤᠳᠠᠭᠠᠨ ᠤ ᠠᠷᠠᠯᠵᠢᠶᠠᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠦᠢᠯᠡᠳᠪᠤᠷᠢᠯᠡᠯ ᠤᠨ ᠲᠠᠰᠤᠭ ᠲᠤ ᠮᠠᠰᠢᠨ ᠮᠧᠬᠠᠨᠢᠭ ᠬᠦᠷᠴᠢᠬᠢᠨᠡᠵᠤ᠂ ᠠᠵᠢᠯᠳᠠᠨ ᠠᠴᠠ ᠵᠠᠬᠢᠶᠠᠯᠠᠭᠰᠠᠨ ᠲᠤᠳᠤᠷᠭ᠎ᠠ ᠶᠢ ᠪᠤᠯᠪᠠᠰᠤᠷᠠᠭᠤᠯᠤᠨ᠎ᠠ᠃ ︽ᠡᠮᠤᠨᠡᠬᠡᠨ ᠶᠠᠪᠤᠭᠳᠠᠭᠰᠠᠨ ᠲᠠᠷᠢᠶᠠᠨ ᠭᠠᠵᠠᠷ ᠠᠴᠠ ᠬᠤᠭᠤᠯᠠᠨ ᠰᠢᠷᠡᠭᠡᠨ ᠳᠤ ᠰᠢᠭᠤᠳ ᠬᠠᠩᠭᠠᠬᠤ ᠲᠡᠯᠭᠡᠨ ᠪᠤᠷᠤᠯᠠᠭᠤᠯᠭ᠎ᠠ ᠶᠢᠨ ᠰᠢᠷᠢᠰ ᠠᠵᠢᠯᠯᠠᠭᠠᠨ ᠳᠤ 60 ᠭᠠᠷᠤᠢ ᠲᠤᠨ ᠤ ᠲᠤᠳᠤᠷᠭ᠎ᠠ ᠶᠢᠨ ᠭᠡᠷ᠎ᠠ ᠲᠤᠭᠳᠠᠵᠤ᠂ ᠦᠯᠡᠳᠡᠭᠰᠡᠨ 30 ᠲᠤᠨ ᠢ ᠦᠢᠯᠡᠳᠪᠤᠷᠢᠯᠡᠵᠤ ᠲᠠᠭᠤᠰᠬᠠᠬᠤ ᠪᠠᠷ ᠴᠢᠷᠮᠠᠶᠢᠨ ᠠᠵᠢᠯᠯᠠᠵᠤ ᠪᠠᠶᠢᠨ᠎ᠠ︾ ᠭᠡᠵᠤ ᠵᠠᠯᠠᠶᠢᠳ ᠬᠤᠰᠢᠭᠤᠨ ᠤ ᠮᠧᠩ ᠶᠤᠸᠠᠨ ᠠᠮᠤ ᠪᠤᠳᠠᠭᠠᠨ ᠤ ᠠᠷᠠᠯᠵᠢᠶᠠᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠬᠠᠷᠢᠭᠤᠴᠠᠯᠭᠠᠳᠠᠨ ᠴᠦᠨ ᠫᠢᠩ ᠲᠠᠨᠢᠯᠴᠠᠭᠤᠯᠤᠨ᠎ᠠ᠃ ᠪᠡᠭᠡᠵᠢᠩ ᠬᠤᠳᠠ ᠶᠢᠨ ᠠᠷᠠᠳ ᠲᠤ ᠰᠢᠯᠢᠳᠡᠭ ᠶᠠᠰᠤ ᠴᠢᠨᠠᠷ ᠲᠠᠢ ᠲᠠᠷᠢᠶᠠᠯᠠᠩ ᠤᠨ ᠤᠨᠴᠠ ᠪᠦᠳᠤᠭᠡᠭᠳᠡᠬᠦᠨ ᠢ ᠬᠠᠩᠭᠠᠬᠤ ᠪᠠᠷ᠂ ᠲᠤᠰ ᠺᠤᠮᠫᠠᠨᠢ ᠨᠢ ᠵᠢᠭᠠᠰᠤ ᠪᠠ ᠲᠤᠳᠤᠷᠭ᠎ᠠ ᠶᠢ ᠬᠠᠮᠳᠤ ᠳᠤᠨᠢ ᠲᠡᠵᠢᠭᠡᠵᠤ ᠤᠷᠭᠤᠭᠤᠯᠤᠨ᠂ ᠰᠦᠯᠢᠶᠤᠤ ᠪᠦᠷᠬᠦᠪᠴᠢ ᠪᠠᠷ ᠴᠢᠬᠢ ᠰᠠᠭᠤᠯᠭᠠᠬᠤ ᠮᠡᠷᠭᠡᠵᠢᠯ ᠢᠶᠠᠷ ᠤᠰᠤᠨ ᠲᠤᠳᠤᠷᠭ᠎ᠠ ᠲᠠᠷᠢᠵᠤ᠂ ᠤᠷᠭᠠᠨᠢᠭ ᠲᠤᠳᠤᠷᠭ᠎ᠠ ᠶᠢᠨ ᠶᠠᠰᠤ ᠴᠢᠨᠠᠷ ᠢ ᠲᠡᠭᠡᠭᠰᠢᠯᠡᠬᠦᠯᠬᠦ ᠳᠤ ᠰᠢᠨ᠎ᠠ ᠴᠢᠳᠠᠪᠬᠢ ᠬᠠᠩᠭᠠᠯ᠎ᠠ᠃      2018 ᠤᠨ ᠠᠴᠠ ᠡᠬᠢᠯᠡᠨ᠂ ᠪᠡᠭᠡᠵᠢᠩ ᠬᠤᠳᠠ ᠶᠢᠨ ᠹᠧᠩ ᠲᠠᠢ ᠲᠤᠭᠤᠷᠢᠭ ᠪᠠ ᠵᠠᠯᠠᠶᠢᠳ ᠬᠤᠰᠢᠭᠤ ᠬᠠᠷᠢᠯᠴᠠᠨ ᠬᠠᠪᠰᠤᠷᠤᠨ ᠲᠡᠳᠬᠦᠬᠦ ᠬᠠᠮᠳᠤᠷᠠᠯᠴᠠᠭᠠᠨ ᠤ ᠬᠠᠷᠢᠴᠠᠭ᠎ᠠ ᠪᠠᠶᠢᠭᠤᠯᠤᠭᠰᠠᠨ ᠠᠴᠠ ᠨᠠᠭᠠᠰᠢ᠂ ᠵᠠᠯᠠᠶᠢᠳ ᠬᠤᠰᠢᠭᠤ ᠡᠬᠢ ᠪᠠᠶᠠᠯᠢᠭ᠂ ᠠᠵᠤ ᠦᠢᠯᠡᠰ ᠤᠨ ᠰᠠᠭᠤᠷᠢ ᠪᠠ ᠪᠠᠶᠢᠭᠠᠯᠢ ᠶᠢᠨ ᠨᠦᠬᠦᠴᠡᠯ ᠳᠡᠭᠡᠨ ᠲᠦᠰᠢᠭᠯᠡᠨ ᠵᠠᠯᠠᠶᠢᠳ ᠬᠤᠰᠢᠭᠤᠨ ᠤ ᠲᠤᠳᠤᠷᠭ᠎ᠠ᠂ ᠷᠦᠢ ᠴᠢᠣ ᠬᠠᠷ᠎ᠠ ᠲᠠᠯᠳᠠᠥ ᠵᠡᠷᠭᠡ ᠤᠨᠴᠠᠯᠢᠭᠳᠤ ᠲᠠᠷᠢᠶᠠᠯᠠᠩ ᠤᠨ ᠪᠦᠳᠤᠭᠡᠭᠳᠡᠬᠦᠨ ᠢ ᠡᠬᠦᠳᠴᠤ᠂ ᠪᠡᠭᠡᠵᠢᠩ ᠬᠤᠳᠠ ᠶᠢᠨ ᠵᠠᠬ᠎ᠠ ᠲᠡᠯᠭᠡᠬᠦᠷ ᠲᠤ ᠪᠤᠷᠤᠯᠠᠭᠤᠯᠬᠤ ᠪᠠᠷ ᠲᠠᠮᠵᠢᠨ ᠲᠠᠷᠢᠶᠠᠯᠠᠩ ᠤᠨ ᠪᠦᠳᠤᠭᠡᠭᠳᠡᠬᠦᠨ ᠤ ᠪᠤᠯᠪᠠᠰᠤᠷᠠᠭᠤᠯᠤᠯᠳᠠ᠂ ᠬᠠᠳᠠᠭᠠᠯᠠᠯᠳᠠ ᠪᠠ ᠬᠦᠢᠯᠭᠡᠭᠡᠨ ᠵᠡᠷᠭᠡ ᠡᠯ᠎ᠠ ᠭᠤᠭᠴᠤᠭ᠎ᠠ ᠶᠢᠨ ᠲᠡᠰ ᠲᠡᠪᠰᠢᠬᠦ ᠶᠢ ᠲᠠᠶᠢᠴᠢᠯᠠᠵᠤ᠂ ᠪᠤᠷᠤᠯᠠᠭᠤᠯᠭ᠎ᠠ ᠵᠠᠮ ᠢᠶᠠᠨ ᠰᠢᠯᠤᠭᠤᠳᠬᠠᠨ᠂ ᠲᠠᠷᠢᠶᠠᠯᠠᠩ ᠤᠨ ᠪᠦᠳᠤᠭᠡᠭᠳᠡᠬᠦᠨ ᠤ ᠬᠠᠩᠭᠠᠯᠭ᠎ᠠ ᠶᠢ ᠪᠠᠳᠤᠯᠠᠭᠰᠠᠨ ᠪᠠᠶᠢᠨ᠎ᠠ᠃ ᠬᠤᠶᠠᠷ ᠭᠠᠵᠠᠷ ᠨᠢ ᠲᠠᠷᠢᠶᠠᠯᠠᠩ ᠤᠨ ᠦᠢᠯᠡᠰ ᠤᠨ ᠬᠦᠭᠵᠢᠯᠳᠠ ᠶᠢᠨ ᠰᠢᠨ᠎ᠠ ᠬᠡᠯᠪᠡᠷᠢ ᠶᠢ ᠢᠳᠡᠪᠬᠢᠳᠠᠢ ᠰᠦᠪᠡᠭᠴᠢᠯᠡᠵᠤ᠂ ︽ᠵᠠᠰᠠᠭ ᠤᠨ ᠤᠷᠳᠤᠨ ᠠᠴᠠ ᠲᠠᠪᠴᠠᠩ ᠬᠠᠩᠭᠠᠬᠤ᠂ ᠨᠡᠶᠢᠭᠡᠮ ᠨᠡᠶᠢᠳᠠ ᠪᠠᠷ ᠢᠶᠠᠨ ᠬᠠᠮᠳᠤᠷᠠᠯᠴᠠᠬᠤ᠂ ᠭᠤᠤᠯᠯᠠᠭᠴᠢ ᠵᠠᠬ᠎ᠠ ᠲᠡᠯᠭᠡᠬᠦᠷ ᠤᠨ ᠲᠤᠯᠭᠠᠭᠤᠷᠢᠯᠠᠯ᠂ ᠤᠯᠠᠨ ᠠᠷᠭ᠎ᠠ ᠵᠠᠮ ᠢᠶᠠᠷ ᠪᠤᠷᠤᠯᠠᠭᠤᠯᠬᠤ᠂ ᠨᠡᠷᠡᠳᠤ ᠲᠡᠮᠳᠡᠭᠳᠤ ᠶᠢᠨ ᠬᠦᠭᠵᠢᠯᠳᠠ ᠶᠢ ᠪᠤᠢ ᠪᠤᠯᠭᠠᠬᠤ︾ ᠠᠵᠢᠯ ᠤᠨ ᠰᠡᠳᠬᠢᠴᠠ ᠪᠠᠷ ᠪᠡᠭᠡᠵᠢᠩ ᠬᠤᠳᠠ ᠶᠢᠨ ᠹᠧᠩ ᠲᠠᠢ ᠲᠤᠭᠤᠷᠢᠭ ᠤᠨ ᠲᠠᠷᠢᠶᠠᠯᠠᠩ ᠤᠨ ᠪᠦᠳᠤᠭᠡᠭᠳᠡᠬᠦᠨ ᠤ ᠵᠠᠬ᠎ᠠ ᠲᠡᠯᠭᠡᠬᠦᠷ ᠵᠡᠷᠭᠡ ᠪᠤᠷᠤᠯᠠᠭᠤᠯᠭ᠎ᠠ ᠶᠢᠨ ᠲᠠᠪᠴᠠᠩ ᠳᠤ ᠲᠦᠰᠢᠭᠯᠡᠵᠤ᠂ ᠲᠠᠷᠢᠶᠠᠯᠠᠩ ᠤᠨ ᠪᠦᠳᠤᠭᠡᠭᠳᠡᠬᠦᠨ ᠤ ᠪᠡᠭᠡᠵᠢᠩ ᠬᠤᠳᠠ ᠳᠤ ᠪᠤᠷᠤᠯᠠᠭᠤᠯᠬᠤ ᠶᠢ ᠠᠬᠢᠭᠤᠯᠤᠨ᠂ ᠵᠢᠯ ᠤᠨ ᠪᠤᠷᠤᠯᠠᠭᠤᠯᠭ᠎ᠠ ᠨᠢ ᠳ᠋ᠦᠩᠰᠢᠭᠤᠷ ᠲᠦᠬᠦᠷᠢᠭ ᠲᠤ ᠬᠦᠷᠴᠤ᠂ ᠵᠠᠯᠠᠶᠢᠳ ᠬᠤᠰᠢᠭᠤᠨ ᠤ ᠨᠡᠷᠡᠳᠤ ᠲᠡᠮᠳᠡᠭᠳᠤ ᠶᠢᠨ ᠠᠯᠳᠠᠷᠰᠢᠯ ᠢ ᠲᠡᠭᠡᠭᠰᠢᠯᠡᠬᠦᠯᠵᠤ᠂ ᠪᠦᠬᠦ ᠬᠤᠰᠢᠭᠤᠨ ᠤ ᠤᠰᠤᠨ ᠲᠤᠳᠤᠷᠭ᠎ᠠ ᠶᠢᠨ ᠠᠵᠤ ᠦᠢᠯᠡᠰ ᠤᠨ ᠲᠡᠰ ᠲᠡᠪᠰᠢᠬᠦ ᠪᠠ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢ ᠠᠬᠢᠭᠤᠯᠵᠤ ᠴᠢᠳᠠᠭᠰᠠᠨ ᠪᠠᠶᠢᠨ᠎ᠠ᠃                                   ︵ᠬᠤᠩ ᠪᠢᠶᠤᠤ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号