ᠨᠠᠰᠤᠨ ᠳᠤ ᠥᠯᠥ ᠭᠦᠷᠦᠭᠰᠡᠳ ᠢ ᠡᠷᠡᠭᠦᠦ ᠪᠠᠷ ᠰᠶᠢᠳᠬᠡᠪᠡ
ᠨᠡᠶᠢᠲᠡᠯᠡᠭᠰᠡᠨ ᠴᠠᠭ᠄
2024/8/20
     ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠣᠶᠢᠯᠠᠭᠠᠭᠰᠠᠨ ᠨᠢ᠂ ᠠᠷᠠᠳ ᠤᠨ ᠰᠢᠭᠦᠬᠦ ᠬᠤᠷᠢᠶ᠎ᠠ ᠨᠠᠰᠤᠨ ᠳᠤ ᠥᠯᠥ ᠭᠦᠷᠦᠭᠰᠡᠳ ᠤᠨ ᠶᠠᠯᠠᠲᠤ ᠠᠵᠢᠯᠯᠠᠭ᠎ᠠ ᠳᠤ ︽ᠰᠤᠷᠭᠠᠨ ᠬᠥᠮᠥᠵᠢᠭᠦᠯᠬᠦ᠂ ᠤᠶᠠᠷᠠᠭᠤᠯᠤᠨ ᠤᠬᠠᠭᠠᠷᠠᠭᠤᠯᠬᠤ᠂ ᠠᠪᠤᠷᠠᠬᠤ︾ ᠴᠢᠭᠯᠡᠯᠲᠡ ᠪᠠ ︽ᠰᠤᠷᠭᠠᠨ ᠬᠥᠮᠥᠵᠢᠭᠦᠯᠬᠦ ᠪᠠᠷ ᠭᠤᠣᠯᠯᠠᠭᠤᠯᠵᠤ᠂ ᠵᠠᠯᠬᠠᠭᠠᠨ ᠰᠶᠢᠳᠬᠡᠬᠦ ᠪᠠᠷ ᠬᠠᠪᠰᠤᠷᠤᠮᠵᠢ ᠪᠣᠯᠭᠠᠬᠤ︾ ᠵᠠᠷᠴᠢᠮ ᠢ ᠪᠠᠷᠢᠮᠲᠠᠯᠠᠨ᠂ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠴᠡ ᠶᠢᠨ ᠣᠨᠴᠠᠯᠢᠭ ᠲᠤ ᠲᠣᠬᠢᠷᠠᠭᠰᠠᠨ ᠰᠢᠭᠦᠨ ᠲᠠᠰᠤᠯᠬᠤ ᠠᠷᠭ᠎ᠠ ᠮᠠᠶ᠋ᠢᠭ ᠢ ᠢᠳᠡᠪᠬᠢᠲᠡᠢ ᠬᠡᠷᠡᠭᠯᠡᠨ᠂ ᠰᠢᠭᠦᠨ ᠲᠠᠰᠤᠯᠤᠯᠲᠠ ᠨᠢ ᠶᠠᠯ᠎ᠠ ᠬᠢᠭᠰᠡᠨ ᠨᠠᠰᠤᠨ ᠳᠤ ᠥᠯᠥ ᠭᠦᠷᠦᠭᠰᠡᠳ ᠢ ᠵᠠᠯᠬᠠᠭᠠᠨ ᠴᠡᠭᠡᠷᠯᠡᠭᠦᠯᠬᠦ ᠨᠡᠶᠢᠲᠡ ᠶᠢᠨ ᠲᠠᠩᠬᠢᠮ ᠪᠣᠯᠬᠤ ᠪᠠᠷ ᠪᠠᠷᠠᠬᠤ ᠦᠭᠡᠢ ᠪᠠᠰᠠ ᠠᠪᠤᠷᠠᠨ ᠰᠤᠷᠭᠠᠬᠤ ᠬᠢᠴᠢᠶᠡᠯ ᠤᠨ ᠲᠠᠩᠬᠢᠮ ᠪᠣᠯᠭᠠᠬᠤ ᠬᠡᠷᠡᠭᠲᠡᠢ ᠬᠡᠵᠡᠢ ᠃ ᠰᠶᠢᠳᠬᠡᠬᠦ ᠲᠠᠯ᠎ᠠ ᠪᠠᠷ ︽ᠠᠭᠤᠴᠢᠯᠠᠬᠤ ᠪᠣᠯᠪᠠᠴᠤ ᠳᠤᠷ᠎ᠠ ᠪᠠᠷ ᠨᠢ ᠲᠠᠯᠪᠢᠬᠤ ᠦᠭᠡᠢ︾ ᠪᠠᠶᠢᠬᠤ ᠶᠢ ᠪᠠᠷᠢᠮᠲᠠᠯᠠᠵᠤ ᠂ ᠪᠡᠶᠡᠴᠢ ᠲᠠᠯ᠎ᠠ ᠶᠢᠨ ᠬᠤᠣᠷᠳᠦ ᠴᠢᠨᠠᠷ ᠨᠢ ᠶᠡᠭᠡ᠂ ᠬᠤᠣᠷ ᠬᠥᠨᠥᠭᠡᠯ ᠨᠢ ᠬᠦᠨᠳᠦ ᠨᠣᠴᠢᠲᠠᠢ᠂ ᠢᠯᠠᠩᠭᠤᠶ᠎ᠠ ᠣᠯᠠᠨᠲᠠ ᠰᠤᠷᠭᠠᠪᠠᠴᠤ ᠵᠠᠰᠠᠷᠠᠬᠤ ᠦᠭᠡᠢ ᠪᠠᠶᠢᠪᠠᠯ᠂ ᠰᠶᠢᠳᠬᠡᠬᠦ ᠶᠣᠰᠣᠲᠠᠢ ᠶᠢ ᠨᠢ ᠬᠠᠤᠯᠢ ᠶᠣᠰᠣᠭᠠᠷ ᠰᠶᠢᠳᠭᠡᠵᠦ᠂ ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠬᠤᠣᠷᠯᠠᠭᠳᠠᠭᠴᠢ ᠳᠤ ᠲᠥᠪ ᠭᠤᠣᠯᠴᠢ᠂ ᠨᠡᠶᠢᠭᠡᠮ ᠨᠡᠶᠢᠲᠡ ᠳᠤ ᠲᠥᠪ ᠭᠤᠣᠯᠴᠢ ᠶᠢ ᠤᠯᠭᠤᠨ᠎ᠠ᠃      ᠣᠶᠢᠷ᠎ᠠ ᠶᠢᠨ ᠬᠤᠭᠤᠴᠠᠭᠠᠨ ᠳᠤ᠂ ᠪᠦᠬᠦᠯᠢ 12 ᠨᠠᠰᠤ ᠬᠦ᠋ᠷᠦᠭᠡᠳ ᠪᠦᠬᠦᠯᠢ 14 ᠨᠠᠰᠤ ᠬᠦᠷᠦᠭᠡᠳᠦᠢ ᠨᠠᠰᠤᠨ ᠳᠤ ᠥᠯᠥ ᠬᠦᠷᠦᠭᠰᠡᠳ ᠬᠥᠮᠥᠨ ᠠᠯᠠᠭᠰᠠᠨ᠂ ᠪᠤᠰᠤᠳ ᠢ ᠬᠦᠨᠳᠦ ᠰᠢᠷᠬᠠᠲᠤᠭᠤᠯᠤᠭᠰᠠᠨ ᠶᠠᠯᠠᠲᠤ ᠠᠵᠢᠯᠯᠠᠭ᠎ᠠ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠲᠤᠬᠠᠢ ᠶᠠᠷᠢᠯᠴᠠᠭ᠎ᠠ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠵᠠᠢ᠃ ᠣᠳᠣᠬᠠᠨ ᠪᠣᠯᠲᠠᠯ᠎ᠠ᠂ ᠠᠷᠠᠳ ᠤᠨ ᠰᠢᠭᠦᠬᠦ ᠬᠤᠷᠢᠶ᠎ᠠ ᠡᠶᠢᠮᠦᠷᠬᠦ ᠬᠡᠷᠡᠭ ᠢ ᠨᠡᠶᠢᠲᠡ 4 ᠬᠤᠪᠢ 4 ᠬᠦᠮᠦᠨ ᠢ ᠰᠢᠭᠦᠨ ᠳᠠᠰᠤᠯᠵᠤ᠂ ᠶᠠᠯ᠎ᠠ ᠬᠢᠭᠰᠡᠳ ᠤᠨ ᠨᠠᠰᠤ ᠨᠢ 12 ᠠᠴᠠ 13 ᠨᠠᠰᠤᠨ ᠤ ᠬᠤᠭᠤᠷᠣᠨᠳᠤ ᠪᠠᠶᠢᠵᠤ᠂ ᠬᠠᠤᠯᠢ ᠶᠣᠰᠣᠭᠠᠷ 10 ᠠᠴᠠ 15 ᠵᠢᠯ ᠤᠨ ᠬᠤᠭᠤᠴᠠᠭ᠎ᠠ ᠲᠠᠢ ᠬᠤᠷᠢᠬᠤ ᠪᠠᠷ ᠰᠶᠢᠳᠬᠡᠵᠡᠶ᠃      ᠬᠡᠦᠬᠡᠳ ᠲᠤ ᠠᠰᠠᠭᠤᠳᠠᠯ ᠤᠷᠤᠰᠢᠵᠤ ᠪᠠᠶᠢᠭ᠎ᠠ ᠨᠢ ᠭᠡᠷ ᠪᠦᠯᠢ ᠨᠡᠶᠢᠭᠡᠮ ᠤᠨ ᠤᠯᠠᠨ ᠵᠦᠢᠯ ᠤᠨ ᠡᠯᠧᠮᠧᠨ᠋ᠲ ᠤᠨ ᠶᠡᠷᠦᠩᠬᠡᠶᠢᠯᠡᠭᠰᠡᠨ ᠨᠥᠯᠥᠭᠡ ᠠᠴᠠ ᠪᠣᠯᠤᠭᠰᠠᠨ ᠶᠤᠮ᠃ ᠤᠷᠤᠭ ᠭᠡᠷ ᠪᠦᠯᠢ ᠶᠢᠨ ᠶᠠᠪᠤᠳᠠᠯ᠂ ᠡᠷᠬᠡ ᠳᠤ ᠬᠠᠯᠳᠠᠭᠰᠠᠨ ᠵᠡᠷᠭᠡ ᠬᠡᠷᠡᠭ ᠢ ᠰᠢᠭᠦᠬᠦ ᠳᠤ ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠠᠵᠢᠯ ᠢ ᠴᠢᠬᠤᠯᠠᠴᠢᠯᠠᠨ ᠴᠢᠩᠭᠠᠳᠬᠠᠵᠤ᠂ ᠡᠴᠢᠭᠡ ᠡᠬᠡ ᠶᠢ ᠬᠥᠲᠥᠯᠥᠨ ᠵᠢᠯᠤᠭᠤᠳᠴᠤ ᠪᠠᠶᠢᠭᠠᠳ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠭᠦᠢᠴᠡᠳᠬᠡᠯᠭᠡᠬᠦ ᠬᠡᠷᠡᠭᠲᠡᠢ᠃ ᠡᠭᠦᠨ ᠠᠴᠠ ᠭᠠᠳᠠᠨ᠎ᠠ᠂ ︽ᠠᠰᠠᠭᠤᠳᠠᠯ ᠲᠠᠢ ᠪᠠᠭᠠᠴᠤᠳ︾ ᠢ ᠬᠥᠮᠥᠵᠢᠭᠦᠯᠦᠨ ᠵᠠᠯᠠᠷᠠᠭᠤᠯᠤᠨ ᠵᠠᠰᠠᠬᠤ ᠶᠠᠪᠤᠴᠠ ᠶᠢ ᠬᠡᠶᠢᠰᠪᠦᠷᠢᠴᠢᠯᠡᠵᠦ᠂ ᠶᠡᠭᠡ ᠬᠡᠮᠵᠢᠶᠡᠨ ᠤ ᠨᠠᠰᠤᠨ ᠳᠤ ᠥᠯᠥ ᠭᠦᠷᠦᠭᠰᠡᠳ ᠬᠠᠤᠯᠢ ᠶᠢ ᠵᠥᠷᠢᠴᠡᠭᠰᠡᠨ ᠤ ᠳᠠᠷᠠᠭ᠎ᠠ ᠬᠢᠨᠠᠨ ᠬᠠᠮᠢᠶᠠᠷᠬᠤ ᠴᠢᠳᠠᠪᠤᠷᠢ ᠦᠭᠡᠢ᠂ ᠵᠠᠯᠠᠷᠠᠭᠤᠯᠤᠨ ᠵᠠᠰᠠᠬᠤ ᠶᠠᠪᠤᠳᠠᠯ ᠨᠢ ᠬᠡᠢ ᠬᠤᠭᠤᠰᠤᠨ ᠪᠠᠶᠢᠳᠠᠯ ᠳᠤ ᠣᠷᠣᠰᠢᠵᠤ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠨ ᠳᠠᠬᠢᠨ ᠬᠢᠵᠦ᠂ ᠡᠴᠦᠰ ᠲᠡᠭᠡᠨ ᠮᠠᠭᠤ ᠦᠷ᠎ᠡ ᠳ᠋ᠦᠩ ᠭᠠᠷᠭᠠᠵᠤ ᠶᠠᠯᠠᠳᠦ ᠠᠵᠢᠯᠯᠠᠭ᠎ᠠ ᠪᠣᠯᠵᠤ ᠪᠦᠷᠢᠯᠳᠦᠵᠡᠢ᠃ ᠵᠢᠱᠢᠶᠡᠯᠡᠪᠡᠯ ᠨᠢᠭᠡᠨ ᠬᠡᠷᠡᠭ ᠲᠤ ᠵᠠᠭᠠᠯᠳᠤᠭᠳᠠᠭᠴᠢ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠠᠪᠤ ᠤᠳᠠᠭ᠎ᠠ ᠵᠠᠰᠠᠭ ᠵᠠᠬᠢᠷᠭᠠᠨ ᠢᠶᠠᠷ ᠲᠦᠷ ᠬᠤᠷᠢᠭᠳᠠᠭᠰᠠᠨ ᠪᠣᠯᠪᠠᠴᠤ ᠴᠥᠮ ᠪᠣᠳᠠᠲᠠᠢ ᠪᠠᠷ ᠭᠦᠢᠴᠡᠳᠬᠡᠭᠰᠡᠨ ᠦᠭᠡᠢ᠃ ᠪᠠᠭ᠎ᠠ ᠨᠠᠰᠤᠨ ᠤ ᠨᠠᠰᠤᠨ ᠳᠤ ᠦᠯᠦ ᠬᠦᠷᠦᠭᠰᠡᠳ ᠢ ᠲᠤᠰᠬᠠᠶᠢᠯᠠᠨ ᠵᠠᠯᠠᠷᠠᠭᠤᠯᠤᠨ ᠵᠠᠰᠠᠬᠤ ᠪᠠᠶᠢᠭᠤᠯᠤᠮᠵᠢ ᠶᠢᠨ ᠬᠦᠴᠦᠨ ᠪᠠᠭᠤᠷᠠᠢ ᠪᠠᠶᠢᠬᠤ ᠪᠠᠶᠢᠳᠠᠯ ᠢ ᠲᠦᠷᠭᠡᠬᠡᠨ ᠬᠤᠪᠢᠷᠠᠭᠤᠯᠵᠤ᠂ ᠲᠤᠰᠬᠠᠢ ᠰᠤᠷᠭᠠᠭᠤᠯᠢ ᠶᠢᠨ ᠪᠠᠶᠢᠭᠤᠯᠤᠯᠲᠠ ᠶᠢ ᠲᠦᠷᠭᠡᠳᠬᠡᠨ᠂ ᠪᠠᠭᠠᠴᠤᠳ ᠤᠨ ᠬᠠᠤᠯᠢ ᠴᠠᠭᠠᠵᠠ ᠶᠢᠨ ᠪᠡᠶ᠎ᠡ ᠪᠠᠨ ᠳᠠᠭᠠᠭᠠᠭᠰᠠᠨ ᠰᠢᠰᠲ᠋ᠧᠮ ᠢ ᠪᠠᠶᠢᠭᠤᠯᠬᠤ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠨᠡᠶᠢᠭᠡᠮ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ ᠪᠣᠯᠪᠠᠴᠤ ᠡᠷᠡᠭᠦᠦ ᠶᠢᠨ ᠶᠠᠯ᠎ᠠ ᠪᠣᠯᠵᠤ ᠪᠦᠷᠢᠯᠳᠦᠭᠰᠡᠨ ᠦᠭᠡᠢ ᠨᠠᠰᠤᠨ ᠳᠤ ᠦᠯᠦ ᠬᠦᠷᠦᠭᠰᠡᠳ ᠲᠤ ᠪᠠᠶᠢᠪᠠᠰᠤ ᠵᠣᠬᠢᠬᠤ ᠵᠠᠯᠠᠷᠠᠭᠤᠯᠤᠨ ᠵᠠᠰᠠᠬᠤ ᠬᠥᠮᠦᠵᠢᠯ ᠬᠦᠷᠲᠡᠭᠡᠬᠦ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号