ᠬᠢᠩᠭᠠᠨ ᠠᠶᠢᠮᠠᠭ ᠲᠣᠭᠲᠠᠭᠠᠯ ᠠᠴᠠ ᠵᠥᠷᠢᠴᠡᠨ ᠪᠡᠯᠴᠢᠭᠡᠷᠯᠡᠬᠦᠯᠬᠦ ᠳᠤ ᠬᠢᠨᠠᠯᠲᠠ ᠲᠠᠯᠪᠢᠬᠤ ᠲᠠᠪᠴᠠᠩ ᠢ ᠰᠦᠯᠵᠢᠶᠡᠨ ᠳᠤ ᠤᠷᠤᠭᠤᠯᠵᠦ ᠵᠢᠩᠬᠢᠨᠢ ᠪᠠᠷ ᠠᠰᠢᠭᠯᠠᠵᠠᠢ
ᠨᠡᠶᠢᠲᠡᠯᠡᠭᠰᠡᠨ ᠴᠠᠭ᠄
2024/8/20
     ᠪᠡᠯᠴᠢᠭᠡᠷᠯᠡᠭᠦᠯᠬᠦ ᠶᠢ ᠬᠤᠷᠢᠭᠯᠠᠵᠤ ᠪᠡᠯᠴᠢᠭᠡᠷ ᠢ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢ ᠲᠦᠷᠭᠡᠳᠭᠡᠵᠦ᠂ ᠣᠶ ᠰᠢᠭᠤᠶ ᠨᠣᠳᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠦᠷ᠎ᠡ ᠪᠦᠲᠦᠭᠡᠯ ᠢ ᠪᠠᠬᠢᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠨ᠂ ᠪᠡᠯᠴᠢᠭᠡᠷᠯᠡᠭᠦᠯᠬᠦ ᠶᠢ ᠬᠤᠷᠢᠭᠯᠠᠬᠤ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠪᠡᠯᠴᠢᠭᠡᠷᠯᠡᠬᠦᠯᠬᠦ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠵᠤ᠂ ᠬᠢᠩᠭᠠᠨ ᠠᠶᠢᠮᠠᠭ ᠤᠨ ᠬᠢᠨᠠᠯᠲᠠ ᠬᠠᠮᠢᠶᠠᠷᠤᠯᠲᠠ ᠶᠢᠨ ᠬᠡᠯᠪᠡᠷᠢ ᠮᠠᠶ᠋ᠢᠭ ᠲᠠᠩ ᠴᠤᠯᠭᠤᠶ᠂ ᠮᠡᠳᠡᠭᠡ ᠵᠠᠩᠭᠢ ᠶᠢᠨ ᠲᠤᠰᠬᠠᠯ ᠬᠤᠴᠣᠷᠤᠩᠭᠤᠶ ᠵᠡᠷᠭᠡ ᠠᠰᠠᠭᠤᠳᠠᠯ ᠳᠤ ᠴᠢᠭᠯᠡᠭᠦᠯᠦᠨ ︽ᠬᠢᠩᠭᠠᠨ ᠠᠶᠢᠮᠠᠭ ᠤᠨ ᠲᠣᠭᠲᠠᠭᠠᠯ ᠠᠴᠠ ᠵᠥᠷᠢᠴᠡᠨ ᠪᠡᠯᠴᠢᠭᠡᠷᠯᠡᠬᠦᠯᠬᠦ ᠳᠤ ᠬᠢᠨᠠᠯᠲᠠ ᠲᠠᠯᠪᠢᠬᠤ ᠲᠠᠪᠴᠠᠩ︾ ᠢ ᠰᠦᠯᠵᠢᠶᠡᠨ ᠳᠤ ᠤᠷᠤᠭᠤᠯᠵᠦ᠂ 8 ᠰᠠᠷ᠎ᠠ ᠶᠢᠨ 5 ᠤ ᠡᠳᠦᠷ ᠠᠴᠠ ᠡᠬᠢᠯᠡᠵᠦ ᠵᠢᠩᠬᠢᠨᠢ ᠪᠠᠷ ᠠᠰᠢᠬᠯᠠᠵᠠᠢ᠃      ᠲᠣᠰ ᠲᠠᠪᠴᠠᠩ ᠨᠢ ᠭᠠᠷ ᠤᠲᠠᠰᠤ ᠪᠠᠷ ᠬᠤᠶᠠᠷ ᠬᠡᠮᠵᠢᠯᠳᠦ ᠺᠤᠳ᠋ ᠢ ᠰᠢᠷᠪᠢᠵᠦ᠂ ᠠᠰᠠᠭᠤᠳᠠᠯ ᠤᠨ ᠲᠥᠷᠥᠯ ᠵᠦᠢᠯ ᠢ ᠰᠣᠩᠭᠤᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠡᠭᠦᠰᠦᠭᠰᠡᠨ ᠨᠠᠷᠢᠨ ᠬᠠᠶ᠋ᠢᠭ᠂ ᠬᠠᠷᠢᠯᠴᠠᠬᠤ ᠠᠷᠭ᠎ᠠ ᠮᠠᠶ᠋ᠢᠭ ᠪᠠ ᠬᠤᠯᠪᠣᠭᠳᠠᠯ ᠪᠥᠬᠦᠶ ᠭᠡᠷᠡᠴᠢ ᠮᠠᠲ᠋ᠧᠷᠢᠶᠠᠯ ᠢ ᠲᠠᠭᠯᠠᠭᠰᠠᠨ ᠤ ᠬᠤᠶᠢᠨ᠎ᠡ᠂ ᠬᠤᠯᠪᠣᠭᠳᠠᠯ ᠪᠥᠬᠦᠶ ᠮᠡᠳᠡᠭᠡ ᠵᠠᠩᠭᠢ ᠶᠢ ᠰᠢᠭᠤᠳ ᠬᠢᠩᠭᠠᠨ ᠠᠶᠢᠮᠠᠭ ᠤᠨ ᠲᠣᠭᠲᠠᠭᠠᠯ ᠠᠴᠠ ᠵᠥᠷᠢᠴᠡᠨ ᠪᠡᠯᠴᠢᠭᠡᠷᠯᠡᠬᠦᠯᠬᠦ ᠳᠤ ᠬᠢᠨᠠᠯᠲᠠ ᠲᠠᠯᠪᠢᠬᠤ ᠲᠠᠪᠴᠠᠩ ᠳᠤ ᠬᠦᠷᠭᠡᠵᠦ᠂ ᠬᠢᠩᠭᠠᠨ ᠠᠶᠢᠮᠠᠭ ᠤᠨ ᠣᠶ ᠰᠢᠭᠤᠶ ᠪᠠ ᠨᠤᠳᠤᠭ ᠪᠡᠯᠴᠢᠬᠡᠷ ᠤᠨ ᠲᠣᠪᠴᠢᠶ᠎ᠠ ᠠᠴᠠ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢ ᠬᠠᠮᠤᠭ ᠤᠨ ᠲᠡᠷᠢᠭᠦᠨ ᠳᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃      ᠣᠳᠣᠬᠠᠨ ᠳᠤ᠂ ᠬᠢᠩᠭᠠᠨ ᠠᠶᠢᠮᠠᠭ ᠤᠨ ᠡᠯ᠎ᠡ ᠬᠤᠰᠢᠭᠤ ᠰᠢᠶᠡᠨ ᠬᠤᠳᠠ ᠶᠢᠨ ᠣᠶ ᠰᠢᠭᠤᠶ ᠪᠠ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠬᠢᠨᠠᠨ ᠬᠠᠷᠭᠤᠭᠤᠯᠵᠤ ᠪᠠᠶᠢᠴᠠᠭᠠᠨ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠡᠭᠦᠨ ᠤ ᠬᠠᠮᠲᠤ ᠠᠶᠢᠮᠠᠭ᠂ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤ ᠭᠤᠷᠪᠠᠨ ᠱᠠᠳᠤ ᠪᠠᠷ ᠢᠶᠠᠨ ᠬᠠᠮᠲᠤᠷᠠᠨ ᠬᠥᠳᠡᠯᠦᠯᠴᠡᠭᠰᠡᠨ ᠬᠢᠨᠠᠨ ᠡᠵᠡᠮᠳᠡᠬᠦ ᠪᠠ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠪᠠᠷ ᠲᠠᠮᠵᠢᠭᠤᠯᠵᠦ᠂ ᠪᠡᠯᠴᠢᠭᠡᠷᠯᠡᠭᠦᠯᠬᠦ ᠶᠢ ᠬᠤᠷᠢᠭᠯᠠᠬᠤ ᠪᠠ ᠪᠡᠯᠴᠢᠭᠡᠷ ᠢ ᠰᠡᠷᠭᠦᠭᠡᠬᠦ ᠬᠢᠨᠠᠨ ᠬᠠᠮᠢᠶᠠᠷᠤᠯᠳᠠ ᠶᠢᠨ ᠵᠠᠭᠪᠤᠷ ᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠪᠡᠯᠴᠢᠭᠡᠷᠯᠡᠭᠦᠯᠬᠦ ᠶᠢ ᠬᠤᠷᠢᠭᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠳᠦᠮᠵᠢᠳᠡᠢ ᠡᠵᠡᠮᠳᠡᠵᠦ᠂ ᠪᠡᠯᠴᠢᠭᠡᠷᠯᠡᠭᠦᠯᠬᠦ ᠶᠢ ᠬᠤᠷᠢᠭᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠲᠠᠢ ᠪᠠᠶᠢᠬᠤ ᠶᠢ ᠪᠠᠳᠤᠯᠠᠬᠤ ᠲᠠᠯ᠎ᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠪᠥᠬᠦ ᠠᠶᠢᠮᠠᠭ ᠤᠨ ᠠᠮᠢ ᠠᠬᠤᠶ ᠶᠢ ᠬᠠᠮᠠᠭᠠᠯᠠᠵᠤ᠂ ᠠᠮᠢ ᠠᠬᠤᠢ ᠶᠢ ᠰᠡᠷᠭᠦᠭᠡᠭᠰᠡᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠬᠦᠯᠬᠦ ᠳᠤ ᠪᠠᠳᠤ ᠪᠠᠬᠢ ᠰᠠᠭᠤᠷᠢ ᠲᠠᠯᠪᠢᠵᠦ ᠦᠭᠬᠦᠭᠰᠡᠨ ᠪᠠᠶᠢᠨ᠎ᠠ᠃ ︵ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号