ᠬᠢᠩᠭᠠᠨ ᠠᠶᠢᠮᠠᠭ ᠤᠨ ᠬᠢᠨ ᠪᠡᠭᠡᠵᠢᠩ ᠤᠨ ᠲᠦᠷᠪᠡᠨ ᠲᠤᠭᠤᠷᠢᠭ ᠲᠠᠢ 25 ᠲᠦᠷᠦᠯ ᠵᠦᠢᠯ ᠤᠨ ᠵᠦᠪᠯᠡᠯᠴᠡᠭᠡᠷ ᠲᠤᠭᠳᠠᠵᠦ ᠨᠢᠭᠡ ᠳ᠋ᠦᠩᠰᠢᠭᠤᠷ ᠲᠦᠭᠦᠷᠢᠭ ᠪᠡᠯᠡ ᠤᠷᠤᠭᠤᠯᠬᠤ ᠪᠠᠷ ᠲᠦᠯᠦᠪᠯᠡᠵᠦ ᠪᠤᠢ
ᠨᠡᠶᠢᠲᠡᠯᠡᠭᠰᠡᠨ ᠴᠠᠭ᠄
2024/8/20
     ᠪᠡᠭᠡᠵᠢᠩ ᠪᠤᠯᠤᠨ ᠬᠢᠩᠭᠠᠨ ᠠᠶᠢᠮᠠᠭ ᠬᠤᠶᠠᠷ ᠭᠠᠵᠠᠷ ᠤᠨ ᠨᠢᠭᠡᠳᠦᠮᠡᠯ ᠹᠷᠣᠨᠲ ᠤᠨ ᠰᠠᠯᠠᠭ᠎ᠠ ᠮᠦᠴᠢᠷ ᠤᠨ ᠡᠬᠢ ᠪᠠᠶᠠᠯᠢᠭ ᠤᠨ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠪᠡᠭᠡᠵᠢᠩ ᠪᠤᠯᠤᠨ ᠦᠪᠦᠷ ᠮᠤᠩᠭᠤᠯ ᠤᠨ ᠬᠠᠮᠵᠢᠯᠴᠠᠭ᠎ᠠ ᠶᠢ ᠤᠯᠠᠮ ᠨᠢᠬᠡ ᠠᠯᠬᠤᠮ ᠬᠦᠨᠵᠡᠭᠡᠶᠢᠷᠡᠬᠦᠯᠦᠨ ᠪᠤᠳᠠᠳᠠᠶᠢᠵᠢᠭᠤᠯᠬᠤ ᠪᠠᠷ᠂ 8 ᠰᠠᠷ᠎ᠠ ᠶᠢᠨ 13 — 16 ᠤ ᠡᠳᠦᠷ ᠪᠤᠯᠳᠠᠯ᠎ᠠ ᠬᠢᠩᠭᠠᠨ ᠠᠶᠢᠮᠠᠭ ᠪᠤᠯᠤᠨ ᠪᠡᠭᠡᠵᠢᠩ ᠬᠤᠳᠠ ᠶᠢᠨ ᠳ᠋ᠦᠩᠴᠤᠩ᠂ ᠬᠠᠶᠢᠳᠢᠶᠠᠨ᠂ ᠹᠧᠩᠲ᠋ᠠᠢ ᠂ ᠹᠠᠩᠱᠠᠨ ᠵᠡᠷᠭᠡ ᠲᠦᠷᠪᠡᠨ ᠲᠤᠭᠤᠷᠢᠭ ᠲᠠᠢ ᠨᠢᠭᠡᠳᠦᠮᠡᠯ ᠹᠷᠤᠨᠲ ᠤᠨ ᠬᠠᠮᠵᠢᠯᠴᠠᠭᠠᠨ ᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃      8 ᠰᠠᠷ᠎ᠠ ᠶᠢᠨ 16 ᠤ ᠡᠳᠦᠷ ᠶᠠᠪᠤᠭᠳᠠᠭᠰᠠᠨ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠳ᠋ᠦᠩᠴᠧᠩ ᠲᠣᠭᠤᠷᠢᠭ ᠬᠢᠭᠡᠳ ᠷᠠᠰᠢᠶᠠᠨ ᠬᠤᠲᠠ᠂ ᠹᠧᠩᠲ᠋ᠠᠢ ᠲᠣᠭᠤᠷᠢᠭ ᠬᠢᠭᠡᠳ ᠵᠠᠯᠠᠶᠢᠳ ᠬᠤᠰᠢᠭᠤ᠂ ᠬᠠᠶᠢᠳᠢᠶᠠᠨ ᠲᠣᠭᠤᠷᠢᠭ ᠬᠢᠭᠡᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠢᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠹᠠᠩᠱᠠᠨ ᠲᠣᠭᠤᠷᠢᠭ ᠬᠢᠭᠡᠳ ᠲᠦᠴᠢᠦᠸᠠᠨ ᠰᠢᠶᠠᠨ ᠲᠤᠰ ᠲᠤᠰ ᠵᠦᠪᠯᠡᠯᠴᠡᠭᠡᠷ ᠲᠤᠭᠳᠠᠪᠠ᠃ ᠲᠤᠰ ᠤᠳᠠᠭ᠎ᠠ ᠨᠡᠶᠢᠳᠡ 9 ᠲᠠᠯ᠎ᠠ ᠶᠢᠨ 25 ᠲᠦᠷᠦᠯ ᠵᠦᠢᠯ ᠤᠨ ᠵᠦᠪᠯᠡᠯᠴᠡᠭᠡᠷ ᠲᠤᠭᠳᠠᠵᠦ᠂ ᠪᠠᠷᠤᠭ 1 ᠳ᠋ᠦᠩᠰᠢᠭᠤᠷ ᠲᠦᠭᠦᠷᠢᠭ ᠪᠡᠯᠡ ᠤᠷᠤᠭᠤᠯᠬᠤ ᠪᠠᠷ ᠲᠦᠯᠦᠪᠯᠡᠵᠦ ᠪᠠᠶᠢᠨ᠎ᠠ᠃      2021 ᠣᠨ ᠳᠤ᠂ ᠰᠢᠨ᠎ᠡ ᠨᠢᠭᠡ ᠡᠭᠡᠯᠵᠢ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠡᠬᠢᠯᠡᠭᠰᠡᠨ ᠠᠴᠠ ᠨᠠᠭᠠᠰᠢ᠂ ᠪᠡᠭᠡᠵᠢᠩ ᠬᠤᠳᠠ ᠶᠢᠨ ᠲᠦᠷᠪᠡᠨ ᠲᠤᠭᠤᠷᠢᠭ ᠬᠢᠭᠡᠳ ᠬᠢᠩᠭᠠᠨ ᠠᠶᠢᠮᠠᠭ ᠠᠵᠢᠯ ᠲᠦᠷᠦᠯ ᠤᠨ ᠰᠢᠰᠲᠤᠮ ᠢᠶᠠᠷ ᠬᠠᠮᠵᠢᠯᠴᠠᠬᠤ ᠬᠤᠰᠢᠭᠤ ᠰᠢᠶᠠᠨ ᠬᠤᠳᠠ ᠶᠢᠨ ᠬᠢᠨ ᠠᠵᠦ ᠦᠢᠯᠡᠰ ᠤᠨ ᠬᠠᠮᠳᠤᠷᠠᠯᠴᠠᠭ᠎ᠠ᠂ ᠡᠬᠢ ᠪᠠᠶᠠᠯᠢᠭ ᠢᠶᠠᠨ ᠬᠠᠷᠢᠯᠴᠠᠨ ᠨᠦᠬᠦᠪᠦᠷᠢᠯᠡᠬᠦ᠂ ᠬᠥᠳᠡᠯᠮᠦᠷᠢ ᠦᠢᠯᠡᠴᠢᠯᠡᠭᠡ ᠶᠢᠨ ᠵᠤᠯᠭᠠᠯᠴᠠᠭ᠎ᠠ ᠂ ᠴᠢᠳᠠᠪᠤᠷᠢᠳᠠᠨ ᠤ ᠰᠤᠯᠢᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠦ᠂ ᠬᠤᠳᠠ ᠪᠠ ᠲᠤᠭᠤᠷᠢᠭ ᠬᠤᠶᠠᠷ ᠱᠠᠳᠤᠨ ᠤ ᠲᠤᠰᠠᠯᠠᠮᠵᠢ ᠶᠢᠨ ᠪᠡᠯᠡ ᠮᠦᠩᠬᠦ ᠶᠢ ᠨᠡᠶᠢᠳᠡ 14.41 ᠳ᠋ᠦᠩᠰᠢᠭᠤᠷ ᠲᠦᠭᠦᠷᠢᠭ ᠲᠤ ᠬᠦᠷᠭᠡᠵᠦ᠂ ᠪᠡᠭᠡᠵᠢᠩ ᠦᠪᠦᠷ ᠮᠤᠩᠭᠤᠯ ᠤᠨ ᠬᠠᠮᠳᠤᠷᠠᠯᠴᠠᠭᠠᠨ ᠤ ᠲᠦᠷᠦᠯ ᠵᠦᠢᠯ ᠢ 531 ᠬᠡᠷᠡᠭᠵᠢᠬᠦᠯᠵᠦ᠂ ᠬᠢᠩᠭᠠᠨ ᠠᠶᠢᠮᠠᠭ ᠤᠨ ᠠᠵᠦ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠬᠦᠴᠦᠳᠡᠢ ᠬᠥᠳᠡᠯᠭᠡᠬᠦ ᠬᠦᠴᠦᠨ ᠨᠡᠮᠡᠷᠢᠯᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠰᠢᠭᠤ ᠰᠢᠶᠠᠨ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠣᠰ ᠤᠳᠠᠭᠠᠨ ᠤ ᠠᠬᠢᠭᠤᠯᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠪᠡᠭᠡᠵᠢᠩ ᠬᠤᠲᠠ ᠶᠢᠨ ᠠᠵᠢᠯ ᠲᠥᠷᠥᠯ ᠤᠨ ᠰᠢᠰᠲ᠋ᠧᠮ ᠢᠶᠠᠷ ᠬᠠᠮᠵᠢᠯᠴᠠᠬᠤ ᠨᠢᠬᠡᠴᠢ ᠲᠠᠢ ᠰᠠᠶᠢᠲᠤᠷ ᠵᠣᠯᠭᠠᠭᠤᠯᠵᠤ᠂ ᠵᠦᠪᠯᠡᠯᠴᠡᠭᠡᠷ ᠲᠤᠭᠳᠠᠭᠰᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠳᠦᠮᠵᠢᠳᠡᠢ ᠠᠬᠢᠭᠤᠯᠬᠤ ᠬᠡᠷᠡᠭᠳᠡᠢ᠃ ᠪᠡᠭᠡᠵᠢᠩ ᠬᠤᠳᠠ ᠶᠢᠨ ᠨᠢᠭᠡᠳᠦᠮᠡᠯ ᠹᠷᠤᠨᠲ ᠤᠨ ᠬᠦᠷᠢᠶᠡᠨ ᠳᠠᠬᠢ ᠡᠬᠢ ᠪᠠᠶᠠᠯᠢᠭ ᠤᠯᠠᠨ ᠲᠦᠪᠯᠡᠷᠡᠭᠰᠡᠨ ᠲᠠᠪᠠᠭᠤᠯᠢᠭ ᠢ ᠬᠦᠢᠴᠡᠳ ᠠᠰᠢᠭᠯᠠᠵᠦ᠂ ᠲᠠᠷᠢᠶᠠᠯᠠᠩ ᠮᠠᠯ ᠠᠵᠦ ᠠᠬᠤᠢ ᠶᠢᠨ ᠦᠢᠯᠡᠰ᠂ ᠠᠮᠢ ᠠᠬᠤᠢ ᠶᠢᠨ ᠰᠤᠶᠤᠯ ᠵᠢᠭᠤᠯᠴᠢᠯᠠᠯ ᠤᠨ ᠠᠵᠦ ᠦᠢᠯᠡᠰ ᠢ ᠬᠦᠴᠦᠷᠭᠡᠭᠵᠢᠬᠦᠯᠦᠨ᠂ ᠬᠢᠩᠭᠠᠨ ᠤ ᠲᠤᠳᠤᠷᠭ᠎ᠠ᠂ ᠬᠢᠩᠭᠠᠨ ᠤ ᠨᠠᠷᠢᠮᠦ᠂ ᠬᠢᠩᠭᠠᠨ ᠤ ᠠᠯᠠᠰᠢᠨ ᠦᠭᠡᠷ᠂ ᠬᠢᠩᠭᠠᠨ ᠤ ᠠᠯᠠᠰᠢᠨ ᠬᠤᠨᠢ ᠵᠡᠷᠭᠡ ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠠᠵᠢᠯ ᠢ ᠰᠠᠶᠢᠳᠤᠷ ᠬᠢᠵᠦ᠂ ᠵᠢᠭᠤᠯᠴᠢᠯᠠᠯ ᠢᠶᠠᠷ ᠦᠨᠳᠦᠰᠦᠳᠡᠨ ᠨᠦᠭᠦᠳ ᠤᠨ ᠬᠤᠭᠤᠷᠤᠨᠳᠤᠬᠢ ᠰᠤᠯᠢᠯᠴᠠᠭ᠎ᠠ ᠤᠶᠢᠯᠠᠭᠠᠯᠴᠠᠭ᠎ᠠ ᠠᠭᠤᠰᠤᠯᠴᠠᠭ᠎ᠠ ᠶᠢ ᠠᠬᠢᠭᠤᠯᠬᠤ ᠪᠠ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠦ ᠴᠤᠭᠴᠠᠯᠠᠬᠤ ᠠᠵᠢᠯ ᠢ ᠰᠠᠶᠢᠳᠤᠷ ᠬᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠦᠴᠦᠷᠬᠡᠭ ᠶᠡᠭᠡ ᠤᠶᠤᠨ ᠤᠬᠠᠭᠠᠨ ᠢᠶᠠᠨ ᠡᠷᠬᠦᠬᠦ ᠬᠡᠷᠡᠭᠳᠡᠢ ᠭᠡᠪᠡ᠃      ᠬᠤᠷᠠᠯ ᠤᠨ ᠬᠤᠭᠤᠴᠠᠭᠠᠨ ᠳᠤ᠂ ᠪᠡᠭᠡᠵᠢᠩ ᠬᠤᠳᠠ ᠶᠢᠨ ᠲᠦᠷᠪᠡᠨ ᠲᠣᠭᠤᠷᠢᠭ ᠤᠨ ᠨᠢᠭᠡᠳᠦᠮᠡᠯ ᠹᠷᠤᠨᠲ᠂ ᠦᠨᠳᠦᠰᠦᠳᠡᠨ ᠪᠠ ᠱᠠᠰᠢᠨ ᠰᠤᠷᠳᠠᠬᠤᠨ᠂ ᠦᠢᠯᠡᠳᠪᠦᠷᠢ ᠬᠤᠳᠠᠯᠳᠤᠭ᠎ᠠ ᠶᠢᠨ ᠬᠤᠯᠪᠤᠭ᠎ᠠ ᠵᠡᠷᠭᠡ ᠬᠠᠮᠢᠶ᠎ᠡ ᠪᠦᠬᠦᠢ ᠰᠠᠯᠠᠭ᠎ᠠ ᠮᠦᠴᠢᠷ ᠪᠠ ᠠᠷᠠᠳᠴᠢᠯᠠᠭᠰᠠᠨ ᠨᠠᠮ ᠪᠦᠯᠦᠭ ᠤᠨ ᠬᠥᠮᠦᠰ᠂ ᠠᠷᠠᠳ ᠤᠨ ᠡᠵᠡᠩᠨᠡᠯᠳᠡ ᠶᠢᠨ ᠠᠵᠦ ᠠᠬᠤᠶᠢᠯᠠᠯᠳᠠᠨ ᠨᠠᠷ ᠪᠠᠰᠠ ᠬᠢᠩᠭᠠᠨ ᠠᠶᠢᠮᠠᠭ ᠤᠨ ᠤᠯᠠᠨ ᠭᠠᠵᠠᠷ ᠢᠶᠠᠷ ᠰᠢᠨᠵᠢᠯᠡᠨ ᠪᠠᠶᠢᠴᠠᠭᠠᠵᠦ᠂ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢᠨ ᠭᠦᠨ ᠠᠭᠤᠯᠬᠤᠨ ᠢ ᠣᠶᠢᠯᠠᠭᠠᠵᠤ᠂ ᠬᠤᠪᠢᠰᠬᠠᠯᠳᠤ ᠰᠣᠶᠣᠯ ᠤᠨ ᠤᠯᠠᠮᠵᠢᠯᠠᠭᠳᠠᠬᠤ ᠶᠢ ᠭᠡᠷᠡᠴᠢᠯᠡᠵᠦ᠂ ᠲᠠᠯ᠎ᠠ ᠨᠤᠲᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠪᠡᠶᠡᠴᠢᠯᠡᠨ ᠣᠶᠢᠯᠠᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠬᠠᠮᠲᠤᠪᠠᠷ ᠰᠦᠪᠡᠭᠴᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠢᠷᠡᠭᠡᠳᠦᠢ ᠳᠤ ᠨᠡᠩ ᠰᠠᠶᠢᠨ ᠰᠠᠶᠢᠬᠠᠨ ᠵᠢᠷᠤᠭ ᠲᠥᠰᠦᠪ ᠢ ᠵᠢᠷᠤᠭᠯᠠᠭᠰᠠᠨ ᠪᠠᠶᠢᠨ᠎ᠠ᠃                                   ︵ᠵᠠᠩ ᠰᠢᠨ ᠶᠠᠩ  ᠲᠤᠯᠭᠠᠭᠤᠷᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号