ᠵᠠᠰᠠᠭ ᠤᠨ ᠤᠷᠳᠤᠨ ᠤ ᠴᠢᠬᠤᠯᠠ ᠶᠠᠪᠤᠳᠠᠯ ᠤᠨ ᠲᠡᠮᠳᠡᠭᠯᠡᠯ ︵  5 ᠰᠠᠷ᠎ᠠ ᠶᠢᠨ 1 ᠤ ᠡᠳᠦᠷ 5 ᠰᠠᠷ᠎ᠠ ᠶᠢᠨ 31 ᠤ ᠡᠳᠦᠷ ᠪᠤᠯᠲᠠᠯ᠎ᠠ︶ ︵ᠨᠢᠭᠡ︶
ᠨᠡᠶᠢᠲᠡᠯᠡᠭᠰᠡᠨ ᠴᠠᠭ᠄
2024/8/20
     ᠨᠢᠭᠡ᠂ ᠴᠢᠬᠤᠯᠠ ᠬᠤᠷᠠᠯ      2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠵᠠᠯᠠᠶᠢᠳ ᠬᠤᠰᠢᠭᠤᠨ ᠤ ᠴᠢᠨᠠᠷ ᠰᠠᠶᠢᠲᠠᠶ ᠲᠡᠵᠢᠭᠡᠯ ᠡᠪᠡᠰᠦᠨ ᠤ ᠦᠷ᠎ᠡ ᠶᠢ ᠥᠷᠭᠡᠳᠬᠡᠨ ᠲᠡᠯᠭᠡᠷᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ  ᠬᠤᠷᠠᠯ ᠬᠢᠪᠡ᠃      6 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠤᠨ ᠵᠢᠦ ᠹᠦ᠋ ᠶᠠᠩ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ ᠵᠣᠯᠭᠠᠭᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      7 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ 2024 ᠣᠨ ᠤ ᠵᠠᠯᠠᠶᠢᠳ ᠬᠤᠰᠢᠭᠤᠨ ᠤ ᠲᠥᠯᠥᠪᠵᠢᠭᠦᠯᠭᠡ ᠶᠢᠨ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠤᠰᠢᠭᠤ ᠰᠢᠶᠠᠨ ᠤ ᠱᠠᠲᠤᠨ ᠳᠤ ᠠᠬᠢᠭᠤᠯᠬᠤ ᠲᠤᠷᠰᠢᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     9 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠳᠤᠮᠳᠠᠳᠤ ᠤᠯᠤᠰ ᠤᠨ ᠡᠮᠦᠨᠡᠳᠡᠬᠢ ᠤᠰᠤ ᠶᠢ ᠤᠮᠠᠷᠠᠰᠢ ᠲᠠᠲᠠᠬᠤ ᠪᠦᠯᠦᠭᠯᠡᠯ ᠤᠨ ᠵᠠᠯᠠᠶᠢᠳ ᠬᠤᠰᠢᠭᠤᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ᠂ ᠭᠤᠤᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ᠂ ᠴᠡᠪᠡᠷ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠪᠠᠶᠢᠴᠠᠭᠠᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠪᠡ᠃     ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ  ᠬᠤᠰᠢᠭᠤᠨ ᠳᠠᠷᠤᠭ᠎ᠠ ᠴᠢ ᠯᠢᠨ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠲᠡᠮᠦᠷ ᠵᠠᠮ ᠤᠨ ᠠᠵᠤ ᠦᠢᠯᠡᠳᠪᠦᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠢ ᠵᠣᠯᠭᠠᠭᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      11 ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠯᠢ ᠯᠢ ᠶᠢᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠶᠢᠯᠢ ᠲᠠᠲᠠᠪᠤᠷᠢ ᠶᠢᠨ ᠵᠣᠬᠢᠴᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     13 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠬᠤᠷᠠᠯ ᠡᠷᠭᠢᠯᠡᠨ ᠬᠤᠷᠠᠯᠳᠤᠭᠤᠯᠵᠤ᠂ ᠳᠦᠷᠪᠠᠨᠰᠢᠨ ᠤ ᠭᠠᠵᠠᠷ ᠰᠢᠷᠤᠢ ᠶᠢᠨ ᠠᠰᠢᠭᠯᠠᠯᠳᠠ ᠶᠢᠨ ᠲᠤᠬᠠᠢ ᠰᠤᠳᠤᠯᠪᠠ᠃      14 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠪᠣᠯᠭᠠᠨᠬᠤᠸᠠ ᠰᠤᠮᠤᠨ ᠤ ᠶᠢᠨ ᠷᠦᠩ ᠪᠠᠭ᠎ᠠ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠳᠣᠭᠢᠷᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠵᠢᠶ ᠳ᠋ᠢ ᠬᠤᠤ ᠲᠢᠩ ᠪᠠᠭ᠎ᠠ ᠲᠤᠭᠤᠷᠢᠭ ᠤᠨ ᠣᠯᠠᠨ ᠲᠦᠮᠡᠨ ᠤ ᠲᠤᠰᠬᠠᠭᠰᠠᠨ ᠲᠣᠭᠲᠠᠭᠠᠯ ᠢ ᠵᠥᠷᠢᠴᠡᠨ ᠪᠠᠶᠢᠭᠤᠯᠤᠭᠰᠠᠨ ᠠᠰᠠᠭᠤᠳᠠᠯ ᠤᠨ ᠲᠤᠬᠠᠢ ᠪᠤᠯᠤᠨ ᠵᠠᠰᠠᠭ ᠵᠠᠬᠢᠷᠭᠠᠨ ᠤ ᠵᠠᠷᠭᠤ ᠬᠦᠯᠢᠶᠡᠬᠦ ᠬᠡᠷᠡᠭ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠪᠠ᠃      ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠩ ᠶᠢᠨ ᠯᠢᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠸᠠᠩ ᠷᠦᠢ ᠶᠢᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠤᠳᠤᠯᠤᠨ ᠶᠠᠷᠢᠯᠴᠠᠪᠠ᠃      15 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠤᠰᠢᠭᠤ ᠰᠢᠶᠠᠨ ᠤ ᠱᠠᠲᠤᠨ ᠳᠤ ᠠᠬᠢᠭᠤᠯᠬᠤ ᠲᠤᠷᠰᠢᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      16 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠵᠠᠯᠠᠶᠢᠳ ᠬᠤᠰᠢᠭᠤᠨ ᠤ ᠵᠢᠯ ᠳᠤ 20 ᠲᠦᠮᠡᠨ ᠬᠤᠨᠢ ᠪᠤᠷᠳᠤᠨ ᠲᠠᠷᠭᠤᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃       ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠤᠯᠤᠰ ᠲᠥᠷᠥ ᠶᠢᠨ ᠵᠥᠪᠯᠡᠯᠭᠡᠨ ᠤ ᠵᠠᠯᠠᠶᠢᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠢ ᠡᠷᠭᠢᠯᠡᠪᠡ᠃       ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠩ ᠶᠢᠨ ᠯᠢᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠸᠠᠩ ᠷᠦᠢ ᠶᠢᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠤᠳᠤᠯᠤᠨ ᠶᠠᠷᠢᠯᠴᠠᠪᠠ᠃         17 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠤᠭᠰᠠᠨ ᠤ ᠳᠠᠷᠠᠭᠠᠬᠢ ᠦᠨᠡᠯᠡᠨ ᠵᠢᠱᠢᠬᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠬᠢᠨ ᠮᠠᠨ ᠤ ᠬᠤᠰᠢᠭᠤᠨ ᠳᠤ ᠢᠷᠡᠵᠤ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠬᠤ︾ ᠠᠵᠢᠯᠯᠠᠭ᠎ᠠ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃       ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠨᠡᠮᠡᠭᠳᠡᠯ ᠬᠤᠷᠤᠭᠳᠠᠯ ᠲᠠᠢ ᠨᠢ ᠬᠤᠯᠪᠤᠭᠳᠠᠭᠤᠯᠬᠤ ᠲᠥᠷᠥᠯ ᠵᠤᠶᠢᠯ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠥᠷ ᠮᠣᠩᠭᠤᠯ ᠤᠨ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠶᠠᠷᠢᠯᠴᠠᠬᠤ ᠬᠤᠷᠠᠯ ᠳᠤ ᠣᠷᠣᠯᠴᠠᠵᠤ᠂  ᠴᠣᠣ ᠰᠢ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠪᠢᠶᠠᠷᠢ ᠬᠤᠷᠠᠯ ᠤᠨ ᠲᠠᠯᠠᠪᠠᠶ ᠳᠤ ᠠᠮᠢ ᠠᠬᠤᠶ ᠣᠷᠴᠢᠨ ᠲᠣᠭᠤᠷᠢᠨ ᠤ ᠰᠡᠷᠡᠮᠵᠢᠯᠡᠭᠦᠯᠬᠦ ᠹᠢᠯᠢᠮ ᠢ ᠦᠵᠡᠪᠡ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠬᠤᠰᠢᠭᠤᠨ ᠳᠠᠷᠤᠭ᠎ᠠ ᠶᠢᠨ ᠠᠯᠪᠠᠨ ᠬᠤᠷᠠᠯ ᠢ ᠡᠷᠭᠢᠯᠡᠨ ᠬᠤᠷᠠᠯᠳᠤᠭᠤᠯᠪᠠ᠃       20 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠥᠬᠦ ᠬᠤᠰᠢᠭᠤᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      21 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠬᠢᠩᠭᠠᠨ ᠠᠶᠢᠮᠠᠭ ᠤᠨ ᠰᠧᠨ ᠽᠧ ᠺᠣᠮᠫᠠᠨᠢ ᠬᠢᠭᠡᠳ ᠬᠦᠷᠡᠯ ᠪᠠᠯᠭᠠᠰᠤᠨ ᠤ ᠲᠠᠷᠢᠶᠠᠨ ᠭᠠᠵᠠᠷ᠂ ᠣᠶᠢᠲᠤ ᠭᠠᠵᠠᠷ ᠤᠨ ᠮᠠᠷᠭᠤᠯᠳᠤᠭᠠᠨ ᠤ ᠬᠤᠯᠪᠣᠭᠳᠠᠯ ᠪᠥᠬᠦᠶ ᠤᠴᠢᠷ ᠶᠠᠪᠤᠳᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      22 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      27 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠬᠤᠷᠠᠯ ᠬᠤᠷᠠᠯᠳᠤᠭᠤᠯᠵᠤ ᠪᠥᠸᠧ ᠨᠧᠩ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠭᠠᠷᠳᠠᠮ ᠭᠦᠢᠴᠡᠳᠭᠡᠬᠦ ᠠᠵᠢᠯ ᠢ ᠰᠤᠳᠤᠯᠪᠠ᠃      28 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ᠂ ᠰᠦᠨ ᠰᠢᠩ ᠢᠦᠢ ᠱᠦᠵᠢ ᠶᠢ ᠤᠷᠤᠯᠠᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃      31 ᠤ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠧᠩ ᠶᠢᠨ ᠯᠢᠩ 2024 ᠣᠨ ᠤ ᠵᠠᠯᠠᠶᠢᠳ ᠬᠤᠰᠢᠭᠤᠨ ᠤ ᠰᠣᠷᠣᠭᠴᠢ ᠡᠯᠰᠡᠬᠦ ᠵᠥᠪᠯᠡᠯ ᠤᠨ ᠪᠦᠷᠢᠯᠳᠦᠬᠦᠨ  ᠨᠢᠭᠡᠴᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号