ᠵᠠᠰᠠᠭ ᠤᠨ ᠤᠷᠳᠤᠨ ᠤ ᠴᠢᠬᠤᠯᠠ ᠶᠠᠪᠤᠳᠠᠯ ᠤᠨ ᠲᠡᠮᠳᠡᠭᠯᠡᠯ ︵  5 ᠰᠠᠷ᠎ᠠ ᠶᠢᠨ 1 ᠤ ᠡᠳᠦᠷ 5 ᠰᠠᠷ᠎ᠠ ᠶᠢᠨ 31 ᠤ ᠡᠳᠦᠷ ᠪᠤᠯᠲᠠᠯ᠎ᠠ︶ ︵  ᠬᠤᠶᠠᠷ︶
ᠨᠡᠶᠢᠲᠡᠯᠡᠭᠰᠡᠨ ᠴᠠᠭ᠄
2024/8/20
    ᠬᠤᠶᠠᠷ᠂ ᠴᠢᠬᠤᠯᠠ ᠠᠵᠢᠯᠯᠠᠭ᠎ᠠ     1 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠤᠨ ᠠᠯᠪᠠᠨ ᠭᠡᠷ ᠲᠤ ᠵᠢᠵᠢᠭᠦᠷᠯᠡᠪᠡ᠃      2 ᠤᠨ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠩ ᠶᠢᠨ ᠯᠢᠩ ︽5.1︾ ᠤ ᠪᠠᠶᠠᠷ ᠤᠨ ᠡᠳᠦᠷ ᠵᠢᠵᠢᠭᠦᠷᠯᠡᠪᠡ  ᠃      1 - 5 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠪᠦᠬᠦᠯᠢ ᠬᠤᠰᠢᠭᠤ ᠰᠢᠶᠠᠨ ᠤ ᠲᠠᠰ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠠᠵᠢᠯ ᠢ ᠳᠣᠭᠢᠷᠠᠭᠤᠯᠤᠨ ᠠᠬᠢᠭᠤᠯᠪᠠ᠃      6 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠵᠢᠦ ᠹᠦ᠋ ᠶᠠᠩ ᠢᠳᠡᠭᠡᠨ ᠤᠮᠳᠠᠭᠠᠨ  ᠤ ᠬᠠᠮᠢᠶᠠᠷᠤᠯᠳᠠ ᠶᠢᠨ ᠬᠢᠵᠠᠭᠠᠷᠳᠤ  ᠺᠤᠮᠫᠠᠨᠢ ᠶᠢᠨ ᠬᠢᠨ  ᠳᠤ ᠪᠠᠷ᠎ᠠ ᠪᠣᠯᠵᠣ ᠪᠠᠶᠠᠨᠭᠤᠤᠯ ᠪᠠᠯᠭᠠᠰᠤᠨ ᠳᠤ ᠬᠦᠷᠴᠦ ᠮᠢᠬᠠᠨ ᠬᠤᠨᠢ ᠲᠡᠵᠢᠭᠡᠨ ᠦᠷᠡᠵᠢᠭᠦᠯᠬᠦ ᠠᠵᠤ ᠦᠢᠯᠡᠰ ᠢ ᠪᠠᠶᠢᠴᠠᠭᠠᠨ ᠰᠤᠳᠤᠯᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠤᠶᠢᠯ ᠢ ᠨᠡᠭᠡᠭᠡᠨ ᠬᠥᠭᠵᠢᠭᠦᠯᠬᠦ ᠪᠠᠷ ᠲᠥᠯᠥᠪᠯᠡᠵᠦ ᠪᠠᠶᠢᠭ᠎ᠠ ᠲᠥᠷᠥᠯ ᠵᠤᠶᠢᠯ ᠢ ᠨᠡᠭᠡᠭᠡᠨ ᠬᠥᠭᠵᠢᠭᠦᠯᠬᠦ᠂ ᠨᠡᠮᠡᠭᠳᠡᠯ ᠬᠤᠷᠤᠭᠳᠠᠯ ᠲᠠᠢ ᠨᠢ ᠬᠤᠯᠪᠤᠭᠳᠠᠭᠤᠯᠬᠤ ᠲᠦᠷᠦᠯ ᠵᠤᠶᠢᠯ ᠤᠨ ᠠᠵᠢᠯ᠂ ᠲᠤᠯᠠᠭᠠᠯᠠᠭ᠎ᠠ ᠶᠢᠨ ᠢᠨᠵᠧᠨᠧᠷᠢᠩ ᠢ ᠰᠤᠳᠤᠯᠵᠠᠶ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠯᠢ ᠯᠢ ᠶᠢᠩ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠠᠵᠢᠯ ᠢ ᠰᠤᠳᠤᠯᠪᠠ︔ ᠤᠯᠤᠰ ᠤᠨ ᠥᠮᠴᠢᠯᠡᠯ ᠤᠨ ᠪᠠᠩᠬᠢ ᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠤᠷᠪᠠᠨ ᠲᠠᠯ᠎ᠠ ᠶᠢᠨ ᠬᠠᠮᠲᠤ ᠪᠠᠷ ᠬᠠᠮᠢᠶᠠᠷᠬᠤ ᠲᠠᠩᠰᠠᠨ ᠡᠷᠦᠬᠡ ᠶᠢ ᠵᠣᠯᠭᠠᠭᠤᠯᠬᠤ ᠬᠤᠯᠪᠣᠭᠳᠠᠯ ᠪᠥᠬᠦᠶ ᠵᠦᠢᠯᠡᠰ ᠢ ᠵᠣᠯᠭᠠᠭᠤᠯᠪᠠ︔ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠪᠡᠭᠡᠵᠢᠩ ᠤᠨ ᠵᠢᠦ ᠹᠦ᠋ ᠶᠠᠩ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ ᠵᠣᠯᠭᠠᠭᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠤᠯᠠᠭᠠᠨᠬᠤᠲᠠ ᠨᠢᠰᠬᠡᠯ ᠤᠨ ᠪᠠᠭᠤᠳᠠᠯ ᠳᠤ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠪᠣᠯᠤᠨ ᠸᠧᠢ ᠶᠧ ᠬᠥᠷᠥᠩᠭᠡ ᠶᠢᠨ ᠭᠦᠢᠴᠡᠳᠭᠡᠭᠴᠢ ᠶᠡᠷᠦᠩᠬᠡᠶ ᠵᠠᠬᠢᠷᠤᠯ ᠯᠢᠶᠠᠨ ᠵᠧᠨ ᠵᠦᠩ ᠲᠠᠢ ᠶᠠᠷᠢᠯᠴᠠᠬᠤ ᠬᠤᠷᠠᠯ ᠳᠤ ᠣᠷᠣᠯᠴᠠᠪᠠ ᠃        7 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠲᠤᠯᠠᠭᠠᠯᠠᠭ᠎ᠠ ᠶᠢᠨ ᠢᠨᠵᠧᠨᠧᠷᠢᠩ ᠤᠨ ᠪᠠᠯᠠ ᠮᠥᠩᠭᠦ ᠶᠢᠨ ᠨᠠᠶᠢᠳᠠᠪᠤᠷᠢᠵᠢᠭᠤᠯᠤᠯᠲᠠ᠂ ᠠᠬᠢᠴᠠ ᠶᠢᠨ ᠶᠠᠰᠤ ᠴᠢᠨᠠᠷ ᠢ ᠰᠤᠳᠤᠯᠵᠤ᠂ ᠨᠡᠮᠡᠭᠳᠡᠯ ᠬᠤᠷᠤᠭᠳᠠᠯ ᠲᠠᠢ ᠨᠢ ᠬᠤᠯᠪᠤᠭᠳᠠᠭᠤᠯᠬᠤ ᠲᠦᠷᠦᠯ ᠵᠤᠶᠢᠯ ᠤᠨ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ 2024 ᠣᠨ ᠤ ᠵᠠᠯᠠᠶᠢᠳ ᠬᠤᠰᠢᠭᠤᠨ ᠤ ᠲᠥᠯᠥᠪᠵᠢᠭᠦᠯᠭᠡ ᠶᠢᠨ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ ᠳᠤ ᠣᠷᠣᠯᠴᠠᠵᠠᠶ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ 2024 ᠣᠨ ᠤ ᠵᠠᠯᠠᠶᠢᠳ ᠬᠤᠰᠢᠭᠤᠨ ᠤ ᠲᠥᠯᠥᠪᠵᠢᠭᠦᠯᠭᠡ ᠶᠢᠨ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ ᠳᠤ ᠣᠷᠣᠯᠴᠠᠪᠠ᠃     ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠪᠡᠭᠡᠵᠢᠩ ᠤᠨ ᠵᠢᠦ ᠹᠦ᠋ ᠶᠠᠩ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠣᠣ ᠰᠢᠶᠤᠤ ᠳ᠋ᠠᠨ ᠵᠠᠯᠠᠶᠢᠳ ᠬᠤᠰᠢᠭᠤᠨ ᠳᠤ ᠢᠷᠡᠵᠤ ᠮᠢᠬᠠᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠢᠴᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠰᠢᠨᠵᠢᠯᠡᠨ ᠪᠠᠶᠢᠴᠠᠭᠠᠪᠠ᠃     ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠪᠥᠬᠦ ᠠᠶᠢᠮᠠᠭ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃     8 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ 1 ᠳ᠋ᠦ᠋ᠭᠡᠷ ᠳᠠᠪᠬᠤᠷᠯᠢᠭ ᠤᠨ ᠪᠠᠭ᠎ᠠ ᠬᠤᠷᠠᠯ ᠤᠨ ᠬᠡᠷ ᠲᠤ ᠬᠦᠷᠴᠦ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠲᠤᠬᠠᠶ ᠶᠢᠨ ᠲᠠᠯᠠᠪᠠᠶ ᠶᠢ ᠬᠢᠨᠠᠨ ᠲᠣᠭᠲᠠᠭᠠᠬᠤ ᠠᠵᠢᠯ ᠤᠨ ᠪᠡᠯᠡᠳᠬᠡᠯ ᠬᠤᠷᠠᠯ ᠳᠤ ᠣᠷᠣᠯᠴᠠᠪᠠ᠃     9 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠵᠠᠬᠢᠳᠠᠯ ᠰᠤᠷᠪᠤᠯᠵᠢᠯᠠᠯ ᠤᠨ ᠬᠠᠮᠢᠶ᠎ᠠ ᠪᠥᠬᠦᠶ ᠤᠴᠢᠷ ᠶᠠᠪᠤᠳᠠᠯ ᠢ ᠰᠤᠳᠤᠯᠪᠠ᠃     ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋  ᠳᠠᠷᠤᠭ᠎ᠠ ᠯᠢ ᠯᠢ ᠶᠢᠩ ᠨᠡᠶᠢᠭᠡᠮ ᠤᠨ ᠵᠠᠰᠠᠯᠲᠠ ᠶᠢᠨ ᠲᠥᠪ ᠲᠤ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ᠂ ᠳᠤᠮᠳᠠᠳᠤ ᠤᠯᠤᠰ ᠤᠨ ᠡᠮᠦᠨᠡᠳᠡᠬᠢ ᠤᠰᠤ ᠶᠢ ᠤᠮᠠᠷᠠᠰᠢ ᠲᠠᠲᠠᠬᠤ ᠪᠦᠯᠦᠭᠯᠡᠯ ᠳᠤ ᠵᠠᠯᠠᠶᠢᠳ ᠬᠤᠰᠢᠭᠤᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ᠂ ᠭᠤᠤᠯᠳᠠᠯᠭ᠎ᠠ ᠲᠠᠢ ᠰᠠᠪᠠ ᠭᠠᠵᠠᠷ ᠤᠨ ᠣᠷᠣᠨ ᠪᠦᠰᠡ ᠶᠢᠨ ᠤᠰᠤᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ᠂ ᠴᠡᠪᠡᠷ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠤᠨ ᠶᠠᠷᠢᠯᠴᠠᠬᠤ ᠬᠤᠷᠠᠯ ᠳᠤ ᠣᠷᠣᠯᠴᠠᠪᠠ᠃       ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠪᠠᠩᠬᠢ  ᠲᠠᠢ ᠵᠣᠯᠭᠠᠭᠤᠯᠤᠨ ᠶᠠᠷᠢᠯᠴᠠᠬᠤ ᠬᠤᠷᠠᠯ ᠳᠤ ᠣᠷᠣᠯᠴᠠᠪᠠ︔ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠲᠡᠮᠦᠷ ᠵᠠᠮ ᠤᠨ ᠠᠵᠤ ᠦᠢᠯᠡᠳᠪᠦᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠢ ᠵᠣᠯᠭᠠᠭᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠧᠩ ᠶᠢᠨ ᠯᠢᠩ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠤᠯᠭ᠎ᠠ ᠳᠤ ᠪᠠᠷ᠎ᠠ ᠪᠣᠯᠵᠣ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠪᠠᠶᠢᠳᠠᠯ ᠢ ᠪᠠᠶᠢᠴᠠᠭᠠᠨ ᠰᠤᠳᠤᠯᠵᠤ ᠲᠤᠬᠠᠶ ᠶᠢᠨ ᠭᠠᠵᠠᠷ ᠲᠤᠨᠢ ᠪᠠᠶᠢᠴᠠᠭᠠᠪᠠ︔ ᠵᠠᠯᠠᠶᠢᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ︽5.12︾ ᠤᠨ ᠪᠡᠯᠭᠡᠯᠡᠬᠦ ᠣᠯᠠᠨ ᠤᠯᠤᠰ ᠤᠨ ᠰᠤᠪᠢᠯᠠᠭᠴᠢ ᠶᠢᠨ ᠪᠠᠶᠠᠷ ᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ᠳᠤ ᠣᠷᠣᠯᠴᠠᠪᠠ᠃      10 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠢᠨ ᠳᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠪᠠᠷ ᠬᠦᠷᠴᠣ ᠺᠠᠳ᠋ᠷ ᠬᠦᠷᠭᠡᠬᠦ ᠶᠣᠰᠣᠯᠠᠯ ᠳᠤ ᠣᠷᠣᠯᠴᠠᠪᠠ︔ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠵᠢᠴᠢ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠬᠢᠨᠠᠯᠲᠠ ᠲᠠᠯᠪᠢᠬᠤ ᠠᠵᠢᠯ ᠤᠨ ᠡᠬᠢᠯᠡᠯᠲᠡ ᠶᠢᠨ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠬᠦᠷᠴᠦ ᠬᠤᠯᠪᠣᠭᠳᠠᠯ ᠪᠥᠬᠦᠶ ᠠᠵᠢᠯ ᠢ ᠵᠣᠯᠭᠠᠭᠤᠯᠵᠤ᠂ ᠢᠨᠳᠡᠷ ᠪᠠᠯᠭᠠᠰᠤᠨ ᠤ ᠮᠠᠷᠠᠲᠤ ᠭᠠᠴᠠᠭ᠎ᠠ ᠪᠠᠷ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠪᠠ᠃     ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠬᠠᠷᠠᠮᠥ᠋ᠷᠡᠨ ᠮᠤᠵᠢ ᠶᠢᠨ ᠯᠦᠩ ᠵᠢᠶᠠᠩ ᠰᠢᠶᠠᠨ ᠤ ᠴᠢᠦ ᠮᠧᠶ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠪᠠᠷ ᠬᠦᠷᠴᠦ ᠮᠢᠬᠠᠨ ᠬᠤᠨᠢ ᠲᠡᠵᠢᠭᠡᠨ ᠦᠷᠡᠵᠢᠭᠦᠯᠬᠦ ᠲᠥᠷᠥᠯ ᠵᠦᠢᠯ ᠢ ᠰᠢᠨᠵᠢᠯᠡᠨ ᠪᠠᠶᠢᠴᠠᠭᠠᠪᠠ᠃     11 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠰᠢᠶᠠᠩᠭᠠᠩ ᠤᠨ ᠨᠢᠦ ᠭᠦᠩ ᠽᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠧᠨ ᡁᠢ ᠢ᠂ ᠬᠥᠯᠥᠨ ᠪᠤᠶᠢᠷ ᠬᠤᠲᠠ ᠶᠢᠨ ᠡᠤ ᠨᠢᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠴᠧᠨ ᠯᠢᠶᠠᠩ ᠨᠠᠷ ᠵᠠᠯᠠᠶᠢᠳ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      12 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ᠂ ᠵᠧᠩ ᠶᠢᠨ ᠯᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ 16 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠬᠤᠷᠠᠯ ᠳᠤ ᠣᠷᠣᠯᠴᠠᠪᠠ᠃     ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠩ ᠶᠢᠨ ᠯᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠬᠤᠰᠢᠭᠤᠨ ᠤ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠠᠵᠢᠯ ᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠪᠠ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠵᠥᠪᠯᠡᠯ ᠤᠨ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠪᠥᠬᠦ ᠬᠤᠰᠢᠭᠤ ᠰᠢᠶᠠᠨ ᠤ ᠲᠠᠰ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠳᠤ ᠲᠣᠬᠢᠷᠠᠭᠤᠯᠤᠯᠲᠠ ᠬᠢᠪᠠ᠃      13 - 15 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠠᠷᠢᠶᠠᠯᠠᠩ ᠠᠵᠤ ᠠᠬᠤᠶ ᠶᠢᠨ ᠵᠤᠷᠭᠠᠨ ᠤ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠢᠶᠠᠷ ᠬᠦᠷᠴᠦ 2025 ᠣᠨ ᠤ ᠪᠥᠬᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠳᠤᠮᠳᠠ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠬᠤᠯᠪᠣᠭᠳᠠᠯ ᠪᠥᠬᠦᠶ ᠵᠦᠢᠯᠡᠰ ᠢ ᠴᠢᠷᠮᠠᠶᠢᠨ ᠤᠯᠪᠠ᠃      13 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠲᠠᠷᠢᠶᠠᠨ ᠭᠠᠵᠠᠷ ᠢ ᠬᠠᠮᠠᠭᠠᠯᠠᠬᠤ ᠠᠶᠢᠮᠠᠭ ᠤᠨ ᠳᠠᠷᠤᠭ᠎ᠠ ᠶᠢᠨ ᠲᠤᠰᠬᠠᠶ ᠰᠡᠳᠦᠪᠲᠦ ᠬᠤᠷᠠᠯ ᠳᠤ ᠣᠷᠣᠯᠴᠠᠵᠤ᠂ ᠠᠶᠢᠮᠠᠭ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠨᠡᠮᠡᠭᠳᠡᠯ ᠬᠤᠷᠤᠭᠲᠠᠯ ᠲᠠᠢ ᠨᠢ ᠬᠤᠯᠪᠤᠭᠳᠠᠭᠤᠯᠬᠤ ᠲᠥᠷᠥᠯ ᠵᠦᠢᠯ ᠤᠨ ᠵᠢᠭᠡᠯᠡᠯᠭᠡ ᠶᠢᠨ ᠵᠦᠢᠯᠡᠰ ᠢ ᠵᠣᠯᠭᠠᠭᠤᠯᠵᠤ᠂ ᠵᠢᠶ ᠳ᠋ᠢ ᠬᠤᠤ ᠲᠢᠩ ᠪᠠᠭ᠎ᠠ ᠲᠣᠭᠤᠷᠢᠭ ᠤᠨ ᠣᠯᠠᠨ ᠲᠦᠮᠡᠨ ᠤ ᠲᠤᠰᠬᠠᠭᠰᠠᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠤᠳᠤᠯᠤᠨ ᠰᠢᠢᠳᠪᠤᠷᠢᠯᠡᠵᠤ᠂ ᠰᠢᠨ ᠮᠢᠨ ᠲᠣᠰᠬᠤᠨ᠂ ᠬᠤᠯᠪᠤᠭ᠎ᠠ ᠪᠠᠯᠭᠠᠰᠤᠨ ᠤ ᠨᠡᠮᠡᠭᠳᠡᠯ ᠬᠤᠷᠤᠭᠲᠠᠯ ᠲᠠᠢ ᠨᠢ ᠬᠤᠯᠪᠤᠭᠳᠠᠭᠤᠯᠬᠤ ᠲᠥᠷᠥᠯ ᠵᠦᠢᠯ ᠤᠨ ᠠᠵᠢᠯ ᠢ ᠰᠤᠳᠤᠯᠤᠨ ᠳᠣᠭᠢᠷᠠᠭᠤᠯᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠪᠡᠭᠡᠵᠢᠩ ᠤᠷᠤᠵᠤ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠦᠷᠪᠡ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠵᠠᠯᠠᠶᠢᠳ ᠬᠤᠰᠢᠭᠤᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠠᠶ᠃       14 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ 2025 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠢ ᠵᠣᠯᠭᠠᠭᠤᠯᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠵᠣᠯᠭᠠᠭᠤᠯᠵᠤ᠂ ᠲᠣᠰ ᠣᠷᠣᠶ ᠪᠤᠴᠠᠵᠤ ᠢᠷᠡᠪᠡ᠃       ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠠᠶᠢᠮᠠᠭ ᠤᠨ ᠲᠦᠪ ᠢᠶᠠᠷ ᠬᠦᠷᠴᠦ ᠪᠥᠬᠦ ᠠᠶᠢᠮᠠᠭ ᠤᠨ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃       15 - 16 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠢᠶᠠᠷ  ᠬᠦᠷᠴᠦ ᠲᠥᠷᠥᠯ ᠵᠦᠢᠯ ᠢ ᠵᠣᠯᠭᠠᠭᠤᠯᠪᠠ᠃      15 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢ ᠬᠠᠷᠢᠯᠴᠠᠨ ᠪᠠᠶᠢᠴᠠᠭᠠᠬᠤ ᠠᠵᠢᠯ ᠤᠨ ᠳᠤᠭᠤᠶᠢᠯᠠᠩ ᠤᠨ ᠬᠢᠨ ᠳᠤ ᠪᠠᠷ᠎ᠠ ᠪᠣᠯᠵᠣ ᠪᠠᠶᠢᠴᠠᠭᠠᠪᠠ᠃       ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠪᠦᠯᠬᠦᠮ ᠳᠠᠭᠠᠭᠤᠯᠤᠨ ᠭᠤᠸᠠᠩᠳᠦ᠋ᠩ ᠤᠨ ᠪᠸᠢ ᠹᠠᠩ ᠵᠢᠶᠠ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠠᠷ ᠬᠦᠷᠴᠦ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠵᠢᠴᠢ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠵᠣᠯᠭᠠᠭᠤᠯᠪᠠ᠃      16 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠪᠠᠶᠠᠨᠵᠢᠯᠠᠭ᠎ᠠ ᠰᠢᠶᠠᠩ ᠢᠶᠠᠷ ᠬᠦᠷᠴᠦ ᠭᠤᠤᠯ ᠮᠦᠷᠡᠨ ᠢ ᠴᠠᠭᠳᠠᠬᠤ ᠠᠵᠢᠯ ᠥᠷᠨᠢᠭᠦᠯᠪᠡ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠨᠤᠨᠮᠦ᠋ᠷᠡᠨ ᠰᠢᠶᠠᠩ ᠤᠨ ᠰᠢᠨ ᠮᠢᠨ ᠰᠢᠨ᠎ᠡ ᠲᠣᠰᠬᠤᠨ ᠢᠶᠠᠷ ᠬᠦᠷᠴᠦ ᠲᠥᠪᠬᠢᠨᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠪᠤᠳᠠᠯ ᠢ ᠰᠤᠳᠤᠯᠵᠤ᠂ ᠠᠶᠢᠮᠠᠭ ᠤᠨ ᠰᠢᠭᠦᠬᠦ ᠬᠤᠷᠢᠶ᠎ᠠ   ᠳᠤ ᠬᠦᠷᠴᠤ ᠵᠠᠰᠠᠭ ᠵᠠᠬᠢᠷᠭᠠᠨ ᠤ ᠵᠠᠷᠭᠤ ᠳᠤ ᠣᠷᠣᠯᠴᠠᠪᠠ᠃     ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠯᠢ ᠶᠢᠩ ᠤᠯᠠᠭᠠᠨᠬᠤᠲᠠ ᠪᠠᠷ ᠬᠦᠷᠴᠦ ᠵᠠᠯᠠᠶᠢᠳ ᠬᠤᠰᠢᠭᠤᠨ ᠤ ᠵᠢᠯ ᠳᠤ 20 ᠲᠦᠮᠡᠨ ᠬᠤᠨᠢᠨ ᠤ ᠬᠤᠨᠢ ᠪᠤᠷᠳᠤᠨ ᠲᠠᠷᠭᠤᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠤᠨ ᠶᠠᠷᠢᠯᠴᠠᠬᠤ ᠬᠤᠷᠠᠯ ᠳᠤ ᠣᠷᠣᠯᠴᠠᠪᠠ᠃      17 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠠᠮᠢ ᠠᠬᠤᠶ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠢ ᠰᠤᠨᠢᠷᠬᠠᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠤᠭᠰᠠᠨ ᠤ ᠳᠠᠷᠠᠭᠠᠬᠢ ᠦᠨᠡᠯᠡᠨ ᠵᠢᠱᠢᠬᠦ ᠶᠠᠷᠢᠯᠴᠠᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠰᠢᠭᠤᠨ ᠳᠠᠷᠤᠭ᠎ᠠ ᠯᠢ ᠯᠢ ᠶᠢᠩ ᠪᠠᠶᠠᠠᠭᠤᠤᠯ ᠪᠠᠯᠭᠠᠰᠤᠨ ᠤ ᠴᠢᠶᠠᠨ ᠶᠢᠨ ᠲᠣᠰᠬᠤᠨ ᠤ ᠬᠤᠳᠳᠤᠭ ᠮᠠᠯᠲᠠᠬᠤ ᠪᠠᠷᠢᠯᠭ᠎ᠠ ᠶᠢᠨ ᠲᠤᠬᠠᠶ ᠶᠢᠨ ᠲᠠᠯᠠᠪᠠᠶ ᠪᠠᠷ ᠭᠦᠨᠵᠡᠭᠡᠶᠢᠷᠡᠵᠦ᠂ ᠪᠠᠰᠠ ᠠᠮᠢ ᠠᠬᠤᠶ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠢ ᠰᠣᠨᠢᠷᠬᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠪᠦᠯᠬᠦᠮ ᠳᠠᠭᠠᠭᠤᠯᠤᠨ ᠹᠦᠸᠧ ᠱᠠᠨ ᠬᠤᠲᠠ ᠶᠢᠨ ᠰᠠᠨ ᠱᠦᠢ ᠲᠣᠭᠤᠷᠢᠭ ᠢᠶᠠᠷ ᠬᠦᠷᠴᠦ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯᠴᠠᠭ᠎ᠠ ᠶᠢ ᠵᠣᠯᠭᠠᠭᠤᠯᠪᠠ︔ ᠵᠦᠬᠠᠶ  ᠪᠠᠷ ᠬᠦᠷᠴᠦ ︽ ᠬᠢᠩᠭᠠᠨ ᠲᠠᠪᠠᠭᠠᠨ ᠳᠠᠬᠢ ᠬᠢᠩᠭᠠᠨ  ᠭᠤᠸᠠᠩᠳᠦ᠋ᠩ ᠰᠢᠶᠠᠩᠭᠠᠩ ᠣᠣᠮᠧᠨ︾ ᠤ 2024 ᠬᠢᠩᠭᠠᠨ ᠠᠶᠢᠮᠠᠭ ᠤᠨ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠡᠯᠡ ᠣᠷᠣᠭᠤᠯᠤᠯᠲᠠ ᠶᠢᠨ ᠬᠠᠮᠵᠢᠯᠴᠠᠭ᠎ᠠ ᠶᠢᠨ ᠬᠤᠷᠠᠯ ᠳᠤ ᠣᠷᠣᠯᠴᠠᠪᠠ     ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠩ ᠶᠢᠨ ᠯᠢᠩ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠰᠤᠷᠤᠯᠴᠠᠨ ᠰᠣᠯᠢᠯᠴᠠᠬᠤ ᠳᠤᠭᠤᠶᠢᠯᠠᠩ ᠤᠨ ᠬᠢᠨ ᠳᠤ ᠪᠠᠷ᠎ᠠ ᠪᠣᠯᠵᠣ ᠮᠠᠨ ᠤ ᠬᠤᠰᠢᠭᠤᠨ ᠳᠤ ᠴᠢᠳᠠᠪᠤᠷᠢᠲᠠᠨ ᠬᠥᠮᠦᠵᠢᠭᠦᠯᠬᠦ᠂ ᠰᠣᠷᠣᠭᠴᠢ ᠶᠢᠨ ᠠᠵᠢᠯ ᠣᠯᠵᠤ ᠦᠢᠯᠡᠰ  ᠪᠤᠰᠬᠠᠬᠤ᠂ ᠬᠠᠮᠲᠤᠷᠠᠯᠴᠠᠭ᠎ᠠ ᠰᠣᠯᠢᠯᠴᠠᠭ᠎ᠠ ᠬᠢᠬᠦ ᠵᠡᠷᠭᠡ ᠲᠠᠯ᠎ᠠ ᠪᠠᠷ ᠲᠤᠬᠠᠶ ᠶᠢᠨ ᠭᠠᠵᠠᠷ ᠲᠤᠨᠢ ᠰᠤᠷᠤᠯᠴᠠᠨ ᠰᠣᠯᠢᠯᠴᠠᠪᠠ︔ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠠᠮᠢ ᠠᠬᠤᠶ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠢ ᠰᠣᠨᠢᠷᠬᠠᠪᠠ᠃     ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ︽ᠠᠮᠢ ᠠᠬᠤᠶ ᠣᠷᠴᠢᠨ ᠲᠣᠭᠤᠷᠢᠨ ᠤ ᠶᠠᠮᠤᠨ ᠤ 2023 ᠣᠨ ᠤ ᠬᠠᠲᠤᠨ ᠭᠤᠤᠯ ᠤᠨ ᠰᠡᠷᠡᠮᠵᠢ ᠶᠢᠨ ᠹᠢᠯᠢᠮ︾᠂ ︽ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠰᠡᠷᠡᠮᠵᠢ ᠶᠢᠨ ᠹᠢᠯᠢᠮ︾ ᠢ ᠦᠵᠡᠵᠦ᠂ ᠠᠶᠢᠮᠠᠭ ᠤᠨ ᠸᠢᠳᠢᠣ᠋ ᠬᠤᠷᠠᠯ ᠳᠤ ᠣᠷᠣᠯᠴᠠᠭᠠᠳ ᠪᠠᠰᠠ ᠪᠥᠬᠦ ᠬᠤᠰᠢᠭᠤᠨ ᠤ ᠭᠠᠵᠠᠷ ᠰᠢᠷᠣᠶ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ  ᠵᠤᠬᠢᠴᠠᠭᠤᠯᠬᠤ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃      18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠣᠶᠢᠷ᠎ᠠ ᠶᠢᠨ ᠬᠤᠭᠤᠴᠠᠭᠠᠨ ᠤ ᠲᠠᠪᠤᠨ ᠵᠦᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ︵ᠸᠢᠳᠢᠣ᠋ ᠬᠤᠷᠠᠯ︶ ᠳᠤ ᠣᠷᠣᠯᠴᠠᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠣᠶᠢᠷ᠎ᠠ ᠶᠢᠨ ᠬᠤᠭᠤᠴᠠᠭᠠᠨ ᠤ ᠲᠠᠪᠤᠨ ᠵᠦᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠲᠥᠷᠥᠯ ᠵᠦᠢᠯ ᠤᠨ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠳᠠᠭᠠᠭᠠᠴᠢᠯᠠᠯᠲᠠ ᠵᠠᠷᠯᠠᠬᠤ ᠶᠠᠪᠤᠳᠠᠯ ᠢ ᠪᠠᠲᠤᠯᠠᠵᠤ᠂ ᠵᠢᠭᠤᠯᠴᠢᠯᠠᠯ ᠤᠨ ᠲᠥᠷᠥᠯ ᠵᠦᠢᠯ ᠤᠨ ᠵᠠᠰᠠᠵᠤ ᠴᠢᠮᠡᠭᠯᠡᠬᠦ ᠲᠥᠰᠦᠯ ᠢ ᠰᠤᠳᠤᠯᠪᠠ      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠸᠢᠳᠢᠣ᠋ ᠬᠤᠷᠠᠯ ᠳᠤ ᠣᠷᠣᠯᠴᠠᠵᠤ᠂ ᠢᠨᠳᠡᠷ ᠪᠠᠯᠭᠠᠰᠤᠨ ᠤ ᠴᠠᠭᠠᠨ ᠭᠠᠴᠠᠭ᠎ᠠ ᠶᠢᠨ ᠥᠨᠳᠥᠷ ᠪᠠᠷᠢᠮᠵᠢᠶᠠᠲᠤ ᠬᠤᠳᠳᠤᠭ ᠮᠠᠯᠲᠠᠬᠤ ᠲᠤᠬᠠᠶ ᠶᠢᠨ ᠲᠠᠯᠠᠪᠠᠶ ᠪᠠᠷ ᠭᠦᠨᠵᠡᠭᠡᠶᠢᠷᠡᠪᠡ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠪᠦᠯᠬᠦᠮ ᠳᠠᠭᠠᠭᠤᠯᠤᠨ ᠵᠦᠬᠠᠶ ᠪᠠᠷ ᠬᠦᠷᠴᠦ ᠰᠢᠶᠠᠩ ᠱᠠᠨ ᠾᠦᠢ ︵ᠵᠦ ᠬᠠᠢ︶ ᠰᠣᠶᠣᠯ ᠤᠨ ᠳᠠᠮᠵᠢᠭᠤᠯᠭ᠎ᠠ ᠶᠢᠨ ᠬᠢᠵᠠᠭᠠᠷᠲᠤ ᠺᠣᠮᠫᠠᠨᠢ ᠲᠠᠢ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠠᠵᠢᠯ ᠢ ᠵᠣᠯᠭᠠᠭᠤᠯᠤᠨ ᠵᠥᠪᠳᠡᠯᠴᠡᠪᠡ᠃ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠬᠤᠰᠢᠭᠤᠨ ᠤ ᠵᠠᠰᠠᠭ ᠤᠨ ᠣᠷᠳᠣᠨ ᠤ ᠸᠢᠳᠢᠤ᠋ ᠬᠤᠷᠠᠯ ᠳᠤ ᠣᠷᠣᠯᠴᠠᠪᠠ᠃       19 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠠᠶᠠᠨᠭᠤᠣᠯ ᠪᠠᠯᠭᠠᠰᠤ ᠪᠠᠷ ᠬᠦᠷᠴᠦ ᠲᠤᠬᠠᠢ ᠶᠢᠨ ᠲᠠᠯᠠᠪᠤᠷ ᠲᠤ ᠠᠯᠪᠠᠯᠠᠪᠠ ︵ ᠮᠢᠬᠠᠨ ᠬᠤᠨᠢ ᠪᠣᠷᠳᠣᠵᠤ ᠲᠠᠷᠭᠤᠯᠠᠭᠤᠯᠬᠤ ᠵᠢᠷᠤᠭ ᠲᠥᠯᠥᠪᠯᠡᠭᠡ ᠶᠢᠨ ᠲᠥᠰᠦᠯ ᠤᠨ ᠶᠠᠷᠢᠯᠴᠠᠭ᠎ᠠ︶᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋  ᠳᠠᠷᠤᠭ᠎ᠠ ᠯᠢ ᠯᠢ ᠶᠢᠩ ᠳ᠋ᠦ᠋ ᠮᠧᠶ ᠮᠠᠯ ᠠᠵᠤ ᠠᠬᠤᠶ ᠶᠢᠨ ᠵᠠᠯᠠᠶᠢᠳ ᠬᠤᠰᠢᠭᠤᠨ ᠤ ᠵᠢᠯ ᠳᠤ 20 ᠲᠦᠮᠡᠨ ᠬᠤᠨᠢ ᠪᠣᠷᠳᠣᠵᠤ ᠲᠠᠷᠭᠤᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠤᠨ ᠶᠠᠷᠢᠯᠴᠠᠬᠤ ᠬᠤᠷᠠᠯ ᠳᠤ ᠣᠷᠣᠯᠴᠠᠵᠤ᠂ ᠪᠠᠶᠠᠨᠭᠤᠤᠯ ᠤᠨ ᠰᠢᠩ ᠱᠧᠩ ᠲᠣᠰᠬᠤᠨ ᠢᠶᠠᠷ ᠭᠦᠨᠵᠡᠭᠡᠶᠢᠷᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠪᠠ᠃       ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠪᠦᠯᠬᠦᠮ ᠳᠠᠭᠠᠭᠤᠯᠤᠨ ᠱᠠᠩᠬᠠᠶ  ᠪᠠᠷ ᠬᠦᠷᠴᠦ ᠳ᠋ᠦᠩ ᠹᠠᠩ ᠯᠦᠩ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠠᠷᠠᠯᠵᠢᠶᠠᠴᠢᠨ ᠤᠷᠢᠬᠤ ᠠᠵᠢᠯ ᠢ ᠵᠣᠯᠭᠠᠭᠤᠯᠤᠨ ᠵᠥᠪᠳᠡᠯᠴᠡᠪᠡ︔ ᠪᠦᠯᠬᠦᠮ ᠳᠠᠭᠠᠭᠤᠯᠤᠨ ᠱᠠᠩᠬᠠᠶ ᠶᠢᠨ ᠮᠠ ᠠᠨ ᠱᠠᠨ ᠤ ᠲᠦᠩ ᠵᠢᠶᠧ ᠯᠢᠶᠠᠩ ᠠᠮᠢᠳᠤ ᠪᠣᠳᠠᠰ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠬᠠᠶᠢᠨᠠᠨ ᠤ ᠵᠦᠸᠧ ᠳ᠋ᠠᠢ ᠬᠤᠪᠢ ᠪᠠᠷ ᠢᠶᠠᠨ ᠴᠤᠭᠯᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ ᠲᠥᠷᠥᠯ ᠵᠦᠢᠯ ᠤᠨ ᠭᠡᠷ᠎ᠡ ᠲᠣᠭᠲᠠᠪᠠ᠃ ᠪᠦᠯᠬᠦᠮ ᠳᠠᠭᠠᠭᠤᠯᠤᠨ ᠱᠠᠩᠬᠠᠢ ᠳᠤ ᠲᠠᠷᠢᠶᠠᠯᠠᠩ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠲᠦᠷᠦᠯ ᠵᠦᠢᠯ ᠤᠨ ᠰᠤᠳᠤᠯᠤᠨ ᠶᠠᠷᠢᠯᠴᠠᠵᠤ ᠵᠣᠯᠭᠠᠭᠤᠯᠬᠤ ᠬᠤᠷᠠᠯ ᠳᠤ ᠣᠷᠣᠯᠴᠠᠪᠠ᠃       20 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠥᠬᠦ ᠣᠷᠣᠨ᠂ ᠠᠶᠢᠮᠠᠭ ᠤᠨ ᠲᠥᠪ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠠᠶᠢᠮᠠᠭ ᠤᠨ ᠴᠠᠬᠢᠯᠭᠠᠨ ᠦᠢᠯᠡᠰ ᠤᠨ ᠲᠣᠪᠴᠢᠶ᠎ᠠ ᠪᠠᠷ ᠬᠦᠷᠴᠦ ᠠᠵᠢᠯ ᠢ ᠵᠣᠯᠭᠠᠭᠤᠯᠪᠠ᠃       ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠪᠥᠬᠦ ᠠᠶᠢᠮᠠᠭ ᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠪᠦᠯᠬᠦᠮ ᠳᠠᠭᠠᠭᠤᠯᠤᠨ ᠵᠧᠵᠢᠶᠠᠩ ᠤᠨ ᠬᠤᠵᠸᠤ ᠶᠢᠨ ᠱᠠᠨ ᠯᠢᠶᠠᠨ ︵ᠴᠠᠩ ᠰᠢᠩ︶ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠂ ᠵᠧᠵᠢᠶᠠᠩ ᠤᠨ ᠬᠤᠵᠸᠤ ᠶᠢᠨ ᠴᠠᠩ ᠰᠢᠩ ᠬᠤᠸᠠ ᠰᠢᠩ ᠺᠠᠯᠼ ᠤᠨ ᠦᠢᠯᠡᠰ ᠤᠨ ᠬᠢᠵᠠᠭᠠᠷᠲᠤ ᠺᠣᠮᠫᠠᠨᠢ ᠪᠠᠷ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠪᠠ᠃      ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠪᠥᠬᠦ ᠠᠶᠢᠮᠠᠭ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃      21 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠬᠤᠯᠪᠣᠭ᠎ᠠ ᠪᠠᠯᠭᠠᠰᠤ ᠪᠠᠷ ᠬᠦᠷᠴᠦ ᠲᠤᠬᠠᠶ ᠶᠢᠨ ᠲᠠᠯᠠᠪᠤᠷ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠮᠢᠶ᠎ᠠ ᠪᠥᠬᠦᠶ ᠤᠴᠢᠷ ᠶᠠᠪᠤᠳᠠᠯ ᠢ ᠰᠤᠳᠤᠯᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠠᠵᠢᠯ ᠳᠤ ᠤᠷᠤᠯᠴᠠᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠯᠢ ᠯᠢ ᠶᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠳᠤ ᠣᠷᠣᠯᠴᠠᠪᠠ᠃      22 ᠤᠨ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠥᠪᠡᠷᠲᠡᠭᠡᠨ ᠵᠠᠰᠠᠬᠤ ᠣᠷᠣᠨ ᠤ ᠦᠶᠡᠷ ᠠᠴᠠ ᠡᠮᠦᠨᠡᠬᠢ ᠪᠠᠶᠢᠴᠠᠭᠠᠬᠤ ᠠᠵᠢᠯ ᠤᠨ ᠳᠤᠭᠤᠶᠢᠯᠠᠩ ᠤᠨ ᠬᠢᠨ ᠳᠤ ᠪᠠᠷ᠎ᠠ ᠪᠣᠯᠵᠣ ᠦᠶᠡᠷ ᠠᠴᠠ ᠡᠮᠦᠨᠡᠬᠢ ᠪᠠᠶᠢᠴᠠᠭᠠᠬᠤ ᠠᠵᠢᠯ ᠥᠷᠨᠢᠭᠦᠯᠪᠡ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠬᠤᠰᠢᠭᠤᠨ ᠤ ᠨᠠᠮ ᠵᠠᠰᠠᠭ ᠤᠨ ᠲᠣᠮᠣ ᠠᠰᠠᠷ ᠤᠨ ᠨᠢᠭᠡᠳᠦᠭᠡᠷ ᠳᠠᠪᠬᠤᠷᠯᠢᠭ ᠤᠨ ᠲᠥᠷᠥᠯ ᠵᠤᠶᠢᠯ ᠤᠨ ᠠᠯᠪᠠᠨ ᠭᠡᠷ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠦᠬᠠᠨ ᠤ ᠯᠢ ᠵᠢᠶᠠᠨ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ  ᠲᠠᠢ ᠵᠣᠯᠭᠠᠭᠤᠯᠤᠨ ᠶᠠᠷᠢᠯᠴᠠᠬᠤ ᠬᠤᠷᠠᠯ ᠳᠤ ᠣᠷᠣᠯᠴᠠᠪᠠ︔ ︽ᠢᠦᠢ ᠹᠧᠩ ᠠᠵᠢᠯᠯᠠᠭ᠎ᠠ︾ ᠶᠢᠨ ᠲᠥᠷᠥᠯ ᠵᠦᠢᠯ ᠢ ᠵᠣᠯᠭᠠᠭᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠦᠬᠠᠨ ᠤ ᠯᠢ ᠵᠢᠶᠠᠨ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠵᠣᠯᠭᠠᠭᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃      23 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠯᠢ ᠯᠢ ᠶᠢᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ᠂ ᠵᠧᠩ ᠶᠢᠨ ᠯᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠬᠢᠩᠭᠠᠨ ᠠᠶᠢᠮᠠᠭ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠷᠢᠶᠠᠨ ᠤ ᠲᠠᠩᠬᠢᠮ ᠤᠨ ᠭᠤᠴᠢᠨ ᠲᠠᠪᠤᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠲᠠᠶᠢᠯᠤᠮᠵᠢ ᠳᠤ ᠣᠷᠣᠯᠴᠠᠪᠠ᠃       ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠠᠶᠢᠮᠠᠭ ᠤᠨ ᠲᠦᠪ ᠢᠶᠠᠷ ᠬᠦᠷᠴᠦ ᠪᠥᠬᠦ ᠠᠶᠢᠮᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ︽ᠢᠦᠢ ᠹᠧᠩ ᠠᠵᠢᠯᠯᠠᠭ᠎ᠠ︾ ᠶᠢᠨ ᠲᠥᠷᠥᠯ  ᠵᠤᠶᠢᠯ ᠢ ᠵᠣᠯᠭᠠᠭᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠩ ᠶᠢᠨ ᠯᠢᠩ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠣᠷᠣᠨ ᠤ ᠨᠢᠭᠲᠠ ᠬᠡᠯᠪᠡᠷᠢ ᠶᠢᠨ ᠬᠤᠰᠢᠭᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ  ᠸᠢᠳᠢᠣ᠋ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ︔ ᠵᠧᠩ ᠶᠢᠨ ᠯᠢᠩ ᠲᠤᠰᠬᠠᠢ ᠰᠡᠳᠦᠪᠲᠦ ᠬᠤᠷᠠᠯ ᠳᠤ ᠣᠷᠣᠯᠴᠠᠵᠤ᠂ ᠸᠠᠩ ᠷᠦᠢ ᠶᠢᠨ ᠵᠠᠬᠢᠳᠠᠯ ᠰᠤᠷᠪᠤᠯᠵᠢᠯᠠᠯ ᠤᠨ ᠶᠠᠪᠤᠳᠠᠯ ᠢ ᠰᠤᠳᠤᠯᠪᠠ᠃      ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠮᠠ ᠮᠧᠩ ᠬᠤᠷᠠᠯ ᠡᠷᠭᠢᠯᠡᠵᠦ ᠵᠣᠬᠢᠴᠠᠭᠤᠯᠬᠤ ᠬᠤᠷᠠᠯ ᠳᠤ ᠣᠷᠣᠯᠴᠠᠪᠠ᠃      24 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ 2024 ᠣᠨ ᠤ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠤᠯᠤᠰ ᠤᠨ ᠵᠢᠶ ᠢ ᠯᠦᠩ ᠲᠥᠷᠥᠯ ᠵᠦᠢᠯ ᠤᠨ ᠭᠠᠵᠠᠷ ᠰᠢᠷᠣᠶ ᠲᠠᠲᠠᠪᠤᠷᠢᠯᠠᠬᠤ ᠵᠣᠬᠢᠴᠠᠭᠤᠯᠤᠯᠲᠠ ᠶᠢᠨ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠩ ᠶᠢᠨ ᠯᠢᠩ ᠠᠶᠢᠮᠠᠭ ᠤᠨ ᠲᠦᠪ  ᠢᠶᠠᠷ ᠬᠦᠷᠴᠦ ᠪᠥᠬᠦ ᠠᠶᠢᠮᠠᠭ ᠤᠨ ᠬᠤᠰᠢᠭᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠵᠢᠴᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠠᠮᠤᠷ ᠲᠦᠪᠰᠢᠨ ᠤ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃      25 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠪᠠᠶᠠᠨᠭᠤᠤᠯ ᠤᠨ ᠲᠤᠸᠠᠨ ᠹᠠ ᠲᠣᠰᠬᠤᠨ᠂ ᠢᠨᠳᠡᠷ ᠪᠠᠯᠭᠠᠰᠤᠨ ᠤ ᠪᠠᠶᠠᠨᠬᠤᠸᠠ ᠳᠠᠬᠢ ᠭᠢᠷᠢᠨ ᠮᠤᠵᠢ ᠶᠢᠨ ᠵᠦᠩ ᠪᠠᠩ ᠲᠥᠷᠥᠯ ᠵᠦᠢᠯ ᠤᠨ ᠭᠠᠵᠠᠷ ᠢᠶᠠᠷ ᠭᠦᠨᠵᠡᠭᠡᠶᠢᠷᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠪᠠ᠃       26 - 27 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ  ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠳᠤ ᠪᠠᠷ᠎ᠠ ᠪᠤᠯᠵᠤ ᠬᠤᠯᠪᠣᠭ᠎ᠠ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠂ ᠪᠠᠶᠠᠨᠭᠤᠤᠯ ᠪᠠᠯᠭᠠᠰᠤᠨ ᠳᠠᠬᠢ ᠵᠠᠯᠠᠶᠢᠳ ᠬᠤᠰᠢᠭᠤᠨ ᠤ ᠵᠢᠯ ᠳᠤ 20 ᠲᠦᠮᠡᠨ ᠬᠤᠨᠢ ᠪᠣᠷᠳᠣᠵᠤ ᠲᠠᠷᠭᠤᠯᠠᠭᠤᠯᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠤᠯ ᠮᠦᠷᠡᠨ ᠢ ᠴᠠᠭᠳᠠᠨ ᠪᠠᠶᠢᠴᠠᠭᠠᠪᠠ᠃      27 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠪᠦᠬᠦ ᠠᠶᠢᠮᠠᠭ ᠤᠨ ︽ᠰᠠᠶᠢᠨ  ᠪᠠᠷᠠᠭ᠎ᠠ ᠶᠢᠨ ᠬᠢᠩᠭᠠᠨ ᠤ ᠡᠯᠧᠺᠲᠷᠣᠨ ᠬᠤᠳᠠᠯᠳᠤᠭᠠᠨ ᠤ ᠰᠠᠷ᠎ᠠ︾ ᠶᠢᠨ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃      28 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠥᠬᠦ ᠠᠶᠢᠮᠠᠭ ᠤᠨ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠪᠠ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ︵ᠸᠢᠳᠢᠣ᠋︶ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠪᠠ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ︵ᠸᠢᠳᠢᠣ᠋︶ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ︔ ᠪᠥᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠬᠢᠨ ᠳᠤ ᠪᠠᠷ᠎ᠠ ᠪᠣᠯᠵᠤ ᠮᠠᠨ ᠤ ᠬᠤᠰᠢᠭᠤᠨ ᠤ ᠦᠨᠳᠦᠰᠦᠨ ᠱᠠᠲᠤᠨ ᠤ ᠬᠤᠷᠰᠢᠶ᠎ᠠ ᠶᠢᠨ ᠣᠳᠣᠬᠢ ᠪᠠᠶᠢᠳᠠᠯ᠂ ᠦᠨᠳᠦᠰᠦᠨ ᠱᠠᠲᠤᠨ ᠤ ᠬᠤᠷᠰᠢᠶ᠎ᠠ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ᠂ ᠦᠨᠳᠦᠰᠦᠨ ᠱᠠᠲᠤᠨ ᠤ ᠬᠤᠷᠰᠢᠶ᠎ᠠ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠬᠦᠴᠢᠷᠳᠡᠯ ᠵᠢᠴᠢ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ ᠪᠠ ᠬᠠᠷᠠᠯᠲᠠᠲᠤ ᠠᠵᠢᠯ ᠢ ᠪᠠᠶᠢᠴᠠᠭᠠᠨ ᠰᠤᠳᠤᠯᠪᠠ᠃       ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠡᠳᠦᠷ ᠲᠤᠲᠤᠮ ᠤᠨ ᠠᠵᠢᠯ ᠢᠶᠠᠨ ᠰᠢᠢᠳᠪᠦᠷᠢᠯᠡᠵᠦ᠂ ᠦᠳᠡ ᠶᠢᠨ ᠬᠤᠶᠢᠨ᠎ᠠ ᠨᠢ ᠨᠢᠰᠬᠡᠯ ᠢᠶᠠᠷ ᠬᠥᠬᠡᠬᠤᠲᠠ ᠳᠤ ᠬᠦᠷᠪᠡ᠃        ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠹᠥᠸᠧ ᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠲᠥᠷᠥᠯ ᠵᠦᠢᠯ ᠢ ᠵᠣᠯᠭᠠᠭᠤᠯᠤᠨ ᠶᠠᠷᠢᠯᠴᠠᠬᠤ ᠬᠤᠷᠠᠯ ᠳᠤ ᠣᠷᠣᠯᠴᠠᠪᠠ︔ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ  ᠃  ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠵᠥᠪᠯᠡᠯ ᠤᠨ ᠵᠣᠯᠭᠠᠭᠤᠯᠤᠨ ᠶᠠᠷᠢᠯᠴᠠᠬᠤ ᠬᠤᠷᠠᠯ ᠳᠤ ᠣᠷᠣᠯᠴᠠᠪᠠ︔ ᠬᠤᠪᠸᠢ ᠶᠢᠨ ᠶᠢᠦ ᠮᠢ ᠵᠢᠶᠠᠩ ᠠᠮᠢ ᠠᠬᠤᠶ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᡂᠢ᠂ ᠬᠤᠪᠸᠢ ᠶᠢᠨ ᠱᠧᠩ ᠵᠥᠩ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠸᠧᠨ ᡁᠢ᠂ ᠶᠡᠷᠦᠩᠬᠡᠶ ᠳᠠᠭᠠᠭᠠᠮᠠᠯ ᠳ᠋ᠧᠩ ᠫᠢᠩ ᠬᠤᠸᠠ᠂ ᠬᠤᠪᠧᠶ ᠶᠢᠨ ᠭᠤᠤ ᠪᠥᠸᠧ ᠪᠠᠷᠢᠯᠭ᠎ᠠ ᠶᠢᠨ ᠵᠠᠰᠠᠯ ᠴᠢᠮᠡᠭᠯᠡᠯ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠰᠦᠨ ᠶᠣᠣ᠂ ᠴᠢ ᠬᠠᠩ ︵ᠥᠪᠥᠷ ᠮᠣᠩᠭᠤᠯ︶ ᠠᠵᠤ ᠠᠬᠤᠶᠢᠯᠠᠯ ᠤᠨ ᠬᠠᠮᠢᠶᠠᠷᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠬᠤᠩ ᠯᠢᠶᠠᠩ᠂ ᠭᠧ ᠵᠧᠤ ᠪᠠ ᠪᠦᠯᠦᠭᠯᠡᠯ ᠤᠨ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠡᠯᠲᠡᠰ ᠤᠨ ᠶᠡᠷᠦᠩᠬᠡᠶ ᠳᠠᠭᠠᠭᠠᠮᠠᠯ ᠵᠠᠩ ᠳ᠋ᠠᠨ ᠯᠢᠨ ᠲᠠᠢ ᠸᠢᠳᠢᠤ᠋ ᠪᠠᠷ ᠠᠵᠢᠯ ᠵᠣᠯᠭᠠᠭᠤᠯᠬᠤ ᠬᠤᠷᠠᠯ ᠳᠤ ᠣᠷᠣᠯᠴᠠᠪᠠ︔ ᠳᠤᠮᠳᠠᠳᠤ ᠤᠯᠤᠰ ᠤᠨ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠱᠠᠨ ᠰᠢ ᠮᠤᠵᠢ ᠶᠢᠨ ᠴᠠᠬᠢᠯᠭᠠᠨ ᠬᠦᠴᠦᠨ ᠤ ᠬᠠᠶᠢᠨ ᠬᠡᠮᠵᠢᠬᠦ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠪᠠᠯᠠ ᠣᠷᠣᠭᠤᠯᠤᠯᠲᠠ ᠶᠢᠨ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢ ᠪᠥᠸᠧ ᠶᠠᠩ ᠨᠠᠷ ᠤᠨ ᠵᠠᠯᠠᠶᠢᠳ ᠬᠤᠰᠢᠭᠤᠨ ᠳᠤ ᠢᠷᠡᠵᠤ ᠪᠠᠶᠢᠴᠠᠭᠠᠨ ᠰᠤᠳᠤᠯᠤᠯᠲᠠ   ᠶᠢᠨ  ᠠᠵᠢᠯ ᠳᠤ ᠤᠷᠤᠯᠴᠠᠪᠠ᠃       29 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠠᠵᠢᠯ ᠳᠤ ᠤᠷᠤᠯᠴᠠᠪᠠ᠃        ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ᠂ ᠵᠧᠩ ᠶᠢᠨ ᠯᠢᠩ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠢᠩᠭᠠᠨ ᠠᠶᠢᠮᠠᠭ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠷᠢᠶᠠᠨ ᠤ ᠲᠠᠩᠬᠢᠮ ᠤᠨ ᠭᠤᠴᠢᠨ ᠵᠢᠷᠭᠤᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠲᠠᠶᠢᠯᠤᠮᠵᠢ ᠳᠤ ᠣᠷᠣᠯᠴᠠᠪᠠ᠃       ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠭᠤᠤᠯᠯᠠᠨ ᠡᠷᠭᠢᠯᠡᠭᠰᠡᠨ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠦᠭᠦᠴᠡᠯ ᠢ ᠴᠡᠭᠴᠡᠯᠡᠨ ᠰᠠᠶᠢᠵᠢᠷᠠᠭᠤᠯᠬᠤ ᠲᠤᠬᠠᠶᠢᠯᠠᠭᠰᠠᠨ ᠠᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠯᠪᠠᠰᠤᠷᠠᠯ ᠤᠨ ᠠᠩᠭᠢ ᠳᠤ ᠣᠷᠣᠯᠴᠠᠪᠠ᠃        ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠤᠯᠠᠭᠠᠨᠬᠤᠲᠠ ᠪᠠᠷ ᠬᠦᠷᠴᠦ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠡᠨᠧᠷᠭᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠠᠬᠢ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠴᠢᠶᠣᠤ ᠺᠧ ᠬᠠᠨ ᠲᠠᠢ ᠠᠵᠢᠯ ᠵᠣᠯᠭᠠᠭᠤᠯᠤᠨ ᠵᠥᠪᠳᠡᠯᠴᠡᠪᠡ᠃      ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠩ ᠶᠢᠨ ᠯᠢᠩ ᠠᠶᠢᠮᠠᠭ ᠤᠨ ᠡᠪᠯᠡᠯ ᠤᠨ ᠬᠤᠷᠢᠶ᠎ᠠ ᠶᠢᠨ ᠤᠳᠤᠷᠢᠳᠤᠯᠭ᠎ᠠ ᠳᠤ ᠪᠠᠷ᠎ᠠ ᠪᠣᠯᠵᠣ ᠤᠯᠠᠭᠠᠨ ᠪᠥᠴᠡᠲᠡᠨ ᠤ ᠡᠬᠡ ᠤᠯᠤᠰ ᠢᠶᠠᠨ ᠬᠠᠶᠢᠷᠠᠯᠠᠬᠤ - 2024 ᠣᠨ ᠤ ᠪᠥᠬᠦ ᠠᠶᠢᠮᠠᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠪᠠᠷᠢᠮᠵᠢᠶᠠᠵᠢᠭᠰᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠤᠯᠬᠤ ᠶᠣᠰᠣᠯᠠᠯ ᠳᠤ ᠣᠷᠣᠯᠴᠠᠪᠠ᠃      30 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠳᠠᠷᠤᠭ᠎ᠠ ᠯᠢ ᠯᠢ ᠶᠢᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ᠂ ᠵᠧᠩ ᠶᠢᠨ ᠯᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 48 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃       ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠯᠢ ᠶᠢᠩ ᠲᠥᠷᠥᠯ ᠵᠤᠶᠢᠯ ᠢ ᠬᠡᠷᠡᠭᠵᠢᠭᠦᠯᠬᠦ ᠭᠠᠵᠠᠷ ᠢᠶᠠᠷ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠠᠬᠢᠭᠤᠯᠪᠠ᠃ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠬᠤᠰᠢᠭᠤᠨ ᠤ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠩ ᠶᠢᠨ ᠯᠢᠩ ᠠᠶᠢᠮᠠᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ᠂ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠤᠨ ᠬᠢᠨ ᠳᠤ ᠪᠠᠷ᠎ᠠ ᠪᠤᠯᠵᠤ ᠮᠠᠨ ᠤ ᠬᠤᠰᠢᠭᠤᠨ ᠳᠤ  ᠱᠠᠯᠠᠪᠳᠠᠭᠤᠯᠤᠨ ᠪᠠᠶᠢᠴᠠᠭᠠᠯᠲᠠ ᠬᠢᠪᠠ᠃        31 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ᠂ ᠵᠧᠩ ᠶᠢᠨ ᠯᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ 17 ᠳ᠋ᠤᠭᠠᠷ ᠬᠤᠷᠠᠯ ᠵᠢᠴᠢ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ ᠤᠨ 2024 ᠣᠨ ᠤ ᠬᠤᠶᠠᠳᠤᠭᠠᠷ ᠬᠤᠷᠠᠯ ᠳᠤ ᠣᠷᠣᠯᠴᠠᠪᠠ᠃       ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ᠂ ᠮᠥᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠥᠬᠡᠶ ᠦᠵᠡᠭᠳᠡᠯ ᠢ ᠵᠠᠰᠠᠬᠤ ᠵᠢᠴᠢ ᠠᠶᠢᠮᠠᠭ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠲᠤᠰᠬᠠᠶ ᠠᠵᠢᠯ ᠢ ᠠᠬᠢᠭᠤᠯᠬᠤ ᠳᠤᠭᠤᠶᠢᠯᠠᠩ ᠤᠨ ᠸᠢᠳᠢᠣ᠋ ᠬᠤᠷᠠᠯ ᠳᠤ ᠣᠷᠣᠯᠴᠠᠪᠠ᠃       ᠲᠣᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠩ ᠶᠢᠨ ᠯᠢᠩ ᠬᠤᠰᠢᠭᠤᠨ ᠤ ᠨᠠᠮ ᠤᠨ ᠬᠤᠷᠢᠶᠠᠨ ᠤ ᠨᠠᠶᠢᠷᠠᠭᠤᠯᠬᠤ ᠵᠥᠪᠯᠡᠯ ᠳᠤ ᠣᠷᠣᠯᠴᠠᠵᠠᠶ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号