ᠵᠠᠯᠠᠶᠢᠳ ᠬᠤᠰᠢᠭᠤ ︽ᠮᠢᠩᠭ᠎ᠠ ᠲᠦᠮᠡ ᠶᠢᠨ ᠢᠨᠵᠧᠨᠧᠷᠢᠩ︾ ᠤᠨ ᠰᠢᠯᠢᠳᠡᠭ ᠦᠢᠯᠡᠳᠦᠯᠬᠡ ᠶᠢᠨ | ᠲᠤᠷᠰᠢᠯᠭ᠎ᠠ ᠶᠢ ᠰᠤᠷᠤᠯᠴᠠᠨ ᠠᠰᠢᠬᠯᠠᠵᠦ᠂ ᠲᠤᠬᠠᠢ ᠶᠢᠨ ᠭᠠᠵᠠᠷ ᠤᠨ ᠠᠷᠠᠳ ᠲᠦᠮᠡᠨ ᠳᠤ ᠦᠨᠡᠨ ᠬᠦ ᠬᠠᠷᠠᠭᠠᠯᠵᠠᠯ | ᠬᠦᠷᠳᠡᠭᠡᠵᠦ ᠪᠤᠢ᠃ | ᠵᠠᠯᠠᠶᠢᠳ ᠬᠤᠰᠢᠭᠤᠨ ᠤ ᠬᠤᠯᠪᠤᠭ᠎ᠠ ᠲᠤᠳᠤᠷᠭᠠᠨ ᠲᠠᠷᠢᠶᠠᠨ ᠤ ᠦᠵᠡᠮᠵᠢ ᠶᠢᠨ ᠤᠷᠤᠨ ᠤ ᠦᠵᠡᠮᠵᠢ | ᠰᠤᠨᠢᠷᠬᠠᠬᠤ ᠲᠠᠶᠢᠰᠠᠨ ᠲᠡᠭᠡᠷ᠎ᠡ ᠭᠠᠷᠪᠠᠯ ᠨᠤᠭᠤᠭᠠᠨ ᠲᠤᠳᠤᠷᠭ᠎ᠠ ᠬᠠᠯᠢᠭᠤᠷᠠᠵᠦ ᠲᠤᠩ ᠭᠤᠶᠤ ᠬᠠᠷᠠᠬᠳᠠᠳᠠᠭ᠃ | ᠵᠠᠯᠠᠶᠢᠳ ᠬᠤᠰᠢᠭᠤ ᠰᠤᠶᠤᠯ ᠵᠢᠭᠤᠯᠴᠢᠯᠠᠯ ᠤᠨ ᠠᠭᠤᠰᠤᠯᠴᠠᠯ ᠢᠶᠠᠷ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠬᠦᠭᠵᠢᠯᠳᠡ ᠶᠢᠨ ᠰᠡᠳᠬᠢᠮᠵᠢ ᠳᠤ ᠲᠦᠰᠢᠭᠯᠡᠨ᠂ ᠤᠰᠤ ᠲᠠᠢ᠂ ᠲᠤᠳᠤᠷᠭ᠎ᠠ ᠲᠠᠢ᠂ ᠢᠳᠡᠵᠦ | ᠨᠠᠭᠠᠳᠬᠤ᠂ ᠪᠠᠶᠢᠭᠠᠯᠢ ᠶᠢᠨ ᠦᠡᠭᠬᠡ ᠦᠵᠡᠮᠵᠢ ᠶᠢ ᠪᠡᠶᠡᠴᠢᠯᠡᠨ ᠤᠶᠢᠯᠠᠭᠠᠬᠤ ᠪᠤᠯᠤᠨ ᠰᠡᠯᠡᠬᠦᠴᠡᠯ ᠵᠢᠭᠤᠯᠴᠢᠯᠠᠯ ᠢ | ᠬᠠᠷᠢᠯᠴᠠᠨ ᠤᠶᠠᠯᠳᠤᠭᠤᠯᠤᠬᠰᠠᠨ ᠪᠦᠬᠦ ᠲᠠᠯ᠎ᠠ ᠶᠢᠨ ᠦᠵᠡᠮᠵᠢ ᠶᠢᠨ ᠤᠷᠤᠨ ᠢ ᠪᠦᠷᠢᠳᠦᠬᠦᠯᠦᠭᠰᠡᠨ ᠪᠠᠶᠢᠳᠠᠭ᠃ | ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠶᠦᠩ ᠹᠠ ᠭᠠᠴᠠᠭᠠᠨ ᠤ ᠠᠶᠢᠯ ᠲᠤᠮᠳᠠᠭᠤᠷ ᠦᠷᠯᠦᠬᠡ | ᠪᠦᠷᠢ ᠤᠷᠴᠢᠨ ᠲᠤᠭᠤᠷᠢᠨ ᠤ ᠴᠡᠪᠡᠷᠯᠡᠭᠴᠢ ᠭᠠᠴᠠᠭᠠᠨ ᠤ ᠵᠠᠮ ᠢ ᠴᠡᠪᠡᠷᠯᠡᠵᠦ ᠪᠠᠶᠢᠳᠠᠭ᠃ ᠡᠨᠡ ᠵᠢᠯ᠂ ᠶᠦᠩ ᠹᠠ | ᠭᠠᠴᠠᠭ᠎ᠠ ᠬᠦᠳᠡᠭᠡ ᠲᠤᠰᠬᠤᠨ ᠤ ᠬᠦᠮᠦᠨ ᠠᠷᠠᠳ ᠤᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ | ᠵᠠᠰᠠᠬᠤ ᠪᠠᠷ ᠲᠠᠮᠵᠢᠭᠤᠯᠤᠨ᠂ ᠬᠦᠳᠡᠭᠡ ᠲᠤᠰᠬᠤᠨ ᠤ ᠨᠡᠶᠢᠳᠡ ᠶᠢᠨ ᠰᠠᠭᠤᠷᠢ ᠲᠤᠨᠤᠭ ᠲᠦᠬᠦᠭᠡᠷᠦᠮᠵᠢ ᠶᠢ | ᠲᠡᠬᠦᠯᠳᠡᠷᠵᠢᠬᠦᠯᠵᠦ᠂ ᠬᠦᠳᠡᠭᠡ ᠲᠤᠰᠬᠤᠨ ᠤ ᠴᠡᠪᠡᠷ ᠴᠡᠮᠴᠡᠭᠡᠷ ᠰᠢᠨ᠎ᠠ ᠤᠷᠴᠢᠨ ᠲᠤᠭᠤᠷᠢᠨ ᠢ ᠪᠤᠢ ᠪᠤᠯᠭᠠᠵᠦ᠂ ︽ | ᠮᠢᠩᠭ᠎ᠠ ᠲᠦᠮᠡ ᠶᠢᠨ ᠢᠨᠵᠧᠨᠧᠷᠢᠩ︾ ᠤᠨ ᠢᠷᠠᠭᠤ ᠬᠠᠭᠤᠳᠠᠰᠦ ᠶᠢ ᠦᠨᠡᠨ ᠬᠦ ᠠᠮᠢᠳᠤᠯᠢᠭ ᠦᠢᠯᠡᠳᠦᠯᠬᠡ | ᠪᠤᠯᠭᠠᠬᠰᠠᠨ ᠪᠠᠶᠢᠨ᠎ᠠ᠃ | ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠶᠦᠩ ᠹᠠ ᠭᠠᠴᠠᠭᠠᠨ ᠤ ᠠᠷᠠᠳ ᠳ᠋ᠠᠢ ᠳ᠋ᠠᠢ ᠰᠢᠶᠦ᠋ᠩ᠄ | ︽ᠪᠢᠳᠡᠨ ᠤ ᠭᠠᠴᠠᠭ᠎ᠠ ᠦᠨᠡᠬᠡᠷ ᠭᠤᠶᠤ ᠪᠤᠯᠵᠠᠢ᠂ ᠰᠢᠨ᠎ᠠ ᠰᠤᠶᠤᠯ ᠤᠨ ᠦᠷᠦᠭᠡ ᠪᠠᠶᠢᠭᠤᠯᠵᠦ᠂ ᠰᠡᠯᠡᠬᠦᠦ | ᠴᠠᠭ ᠢᠶᠠᠷ ᠢᠶᠠᠨ ᠪᠦᠮᠪᠦᠭᠡ ᠨᠠᠭᠠᠳᠬᠤ᠂ ᠠᠭᠤᠳᠠᠮ ᠲᠠᠯᠠᠪᠠᠢ ᠶᠢᠨ ᠪᠦᠵᠢᠭ ᠪᠦᠵᠢᠭᠯᠡᠵᠦ ᠪᠠᠶᠢᠳᠠᠭ᠃ ᠪᠠᠰᠠ ᠵᠠᠮ ᠤᠨ | ᠳ᠋ᠧᠩ ᠤᠬᠰᠠᠷᠠᠵᠦ᠂ ᠱᠦᠢᠨᠢ ᠶᠢᠨ ᠵᠠᠮ ᠵᠠᠰᠠᠵᠦ᠂ ᠨᠠᠭᠠᠰᠢ ᠴᠠᠭᠠᠰᠢ ᠶᠠᠪᠦᠵᠦ ᠰᠠᠭᠤᠬᠤ ᠳᠤ ᠲᠤᠩ ᠲᠦᠬᠦᠮ | ᠪᠤᠯᠵᠠᠢ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃ | ᠤᠶᠢᠷ᠎ᠠ ᠶᠢᠨ ᠬᠡᠳᠦᠨ ᠵᠢᠯ᠂ ᠵᠠᠯᠠᠶᠢᠳ ᠬᠤᠰᠢᠭᠤ ᠤᠳᠤ ᠪᠠᠶᠢᠭ᠎ᠠ ᠡᠬᠢ ᠪᠠᠶᠠᠯᠢᠭ᠂ ᠠᠵᠦ ᠦᠢᠯᠡᠰ ᠤᠨ | ᠰᠠᠭᠤᠷᠢ ᠪᠠ ᠡᠯ᠎ᠡ ᠲᠤᠰᠬᠤᠨ ᠤ ᠤᠨᠴᠠᠯᠢᠭ ᠲᠤ ᠰᠠᠭᠤᠷᠢᠯᠠᠨ᠂ ︽ᠮᠢᠩᠭ᠎ᠠ ᠲᠦᠮᠡ ᠶᠢᠨ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠠᠰᠢᠬᠯᠠᠵᠦ᠂ ᠤᠷᠴᠢᠨ ᠲᠤᠭᠤᠷᠢᠨ ᠢ ᠭᠤᠶᠤᠵᠢᠭᠤᠯᠬᠤ᠂ ᠡᠵᠡᠩᠨᠡᠯᠳᠡ ᠶᠢᠨ | ᠬᠡᠯᠪᠡᠷᠢ ᠪᠠᠨ ᠬᠤᠪᠢᠷᠠᠭᠤᠯᠬᠤ᠂ ᠰᠤᠶᠤᠯ ᠢᠶᠠᠷ ᠰᠦᠭ ᠰᠦᠨᠡᠰᠦ ᠪᠠᠨ ᠱᠤᠭᠤᠬᠤ ᠵᠡᠷᠭᠡ ᠠᠷᠭ᠎ᠠ ᠠᠪᠴᠠᠯ ᠢᠶᠠᠷ | ᠲᠠᠮᠵᠢᠭᠤᠯᠤᠨ᠂ ᠡᠬᠦᠳᠡᠨ ᠡᠮᠦᠨ᠎ᠡ ᠬᠤᠶᠢᠨᠠᠬᠢ ᠡᠷᠡᠬᠦᠯ ᠬᠠᠮᠠᠭᠠᠯᠠᠯ ᠠᠴᠠ ᠭᠤᠤᠯ ᠤᠨ ᠬᠦᠨᠳᠡᠢ᠂ ᠵᠡᠬᠡᠯᠢ ᠭᠤᠳᠤᠮᠵᠢ | ᠵᠡᠷᠭᠡ ᠶᠡᠷᠦᠩᠭᠡᠶᠢᠯᠡᠭᠰᠡᠨ ᠤᠷᠴᠢᠨ ᠲᠤᠭᠤᠷᠢᠨ ᠤ ᠴᠡᠭᠴᠡᠯᠡᠨ ᠵᠠᠰᠠᠯᠳᠠ ᠪᠠᠷ ᠲᠠᠮᠵᠢᠭᠤᠯᠤᠨ᠂ ᠭᠤᠶᠤ ᠰᠠᠶᠢᠬᠠᠨ | ᠬᠦᠳᠡᠭᠡ ᠲᠤᠰᠬᠤᠨ ᠢ ᠪᠠᠶᠢᠭᠤᠯᠵᠦ ᠪᠠᠶᠢᠨ᠎ᠠ᠃ | 2024 ᠤᠨ ᠳᠤ᠂ ᠵᠠᠯᠠᠶᠢᠳ ᠬᠤᠰᠢᠭᠤ ︽ᠮᠢᠩᠭ᠎ᠠ ᠲᠦᠮᠡ ᠶᠢᠨ ᠢᠨᠵᠧᠨᠧᠷᠢᠩ︾ ᠤᠨ 28 ᠲᠦᠷᠦᠯ | ᠵᠦᠢᠯ ᠢ ᠨᠢᠬᠡᠨᠳᠡ ᠠᠵᠢᠯ ᠡᠬᠢᠯᠡᠬᠦᠯᠵᠦ᠂ 9.46 ᠳ᠋ᠦ᠋ᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ | ᠪᠡᠶᠡᠯᠡᠬᠦᠯᠵᠡᠢ᠃ ᠲᠠᠷᠠᠭᠠᠴᠢ ᠶᠢᠨ ᠠᠯᠬᠤᠮ ᠳᠤ᠂ ᠵᠠᠯᠠᠶᠢᠳ ᠬᠤᠰᠢᠭᠤ ᠬᠠᠮᠢᠶᠠᠷᠦᠨ ᠬᠠᠮᠠᠭᠠᠯᠠᠬᠤ ᠠᠷᠭ᠎ᠠ ᠪᠠᠨ | ᠲᠡᠬᠦᠯᠳᠡᠷᠵᠢᠬᠦᠯᠵᠦ᠂ ᠲᠤᠰᠬᠤᠨ ᠤ ᠲᠦᠷᠢᠮ ᠢ ᠲᠡᠬᠦᠯᠳᠡᠷᠵᠢᠬᠦᠯᠵᠦ᠂ ᠤᠯᠠᠨ ᠲᠦᠮᠡᠨ ᠤ ᠬᠦᠮᠦᠨ ᠠᠷᠠᠳ ᠤᠨ | ᠰᠠᠭᠤᠷᠢᠰᠢᠬᠤ ᠤᠷᠴᠢᠨ ᠲᠤᠭᠤᠷᠢᠨ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠳᠤ ᠤᠷᠤᠯᠴᠠᠭᠤᠯᠵᠦ᠂ ︽ | ᠮᠢᠩᠭ᠎ᠠ ᠲᠦᠮᠡ ᠶᠢᠨ ᠢᠨᠵᠧᠨᠧᠷᠢᠩ︾ ᠤᠨ ᠲᠦᠷᠦᠯ ᠵᠦᠢᠯ ᠤᠨ ᠪᠠᠶᠢᠭᠤᠯᠤᠯᠳᠠ ᠶᠢ ᠦᠷᠬᠦᠯᠵᠢᠯᠡᠨ ᠠᠳᠬᠤᠵᠦ᠂ | 2024 ᠤᠨ ᠤ ᠲᠦᠷᠦᠯ ᠵᠦᠢᠯ ᠤᠨ ᠡᠷᠳᠡ ᠪᠡᠶᠡᠯᠡᠭᠳᠡᠵᠦ ᠡᠷᠳᠡ ᠦᠷ᠎ᠡ ᠠᠰᠢᠭ ᠤᠯᠬᠤ ᠶᠢ ᠪᠠᠳᠦᠯᠠᠵᠦ᠂ | 2025 — 2027 ᠤᠨ ᠤ ᠲᠦᠷᠦᠯ ᠵᠦᠢᠯ ᠢ ᠡᠷᠳᠡ ᠲᠦᠯᠦᠪᠯᠡᠨ᠂ ᠠᠷᠠᠳ ᠤᠯᠠᠨ ᠤ ᠰᠠᠭᠤᠷᠢᠰᠢᠬᠤ ᠳᠤ | ᠲᠤᠬᠢᠷᠠᠮᠵᠢᠳᠠᠢ ᠵᠠᠯᠠᠶᠢᠳ ᠬᠤᠰᠢᠭᠤᠨ ᠤ ᠰᠢᠨ᠎ᠠ ᠬᠠᠭᠤᠳᠠᠰᠦ ᠶᠢ ᠴᠢᠷᠮᠠᠶᠢᠨ ᠪᠢᠴᠢᠭᠯᠡᠵᠦ ᠪᠠᠶᠢᠨ᠎ᠠ᠃ | | | ︵ᠯᠢ ᠰᠢᠤᠸᠠᠢ ᠯᠢ ᠢᠤᠢ ᠯᠢᠨ︶ |